ᠣᠩᠨᠢᠭᠤᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠲᠡᠶᠢᠨ ᠢ ᠰᠠᠶᠢᠲᠤᠷ ᠬᠢᠵᠦ᠂ ᠬᠥᠳᠡᠯᠮᠦᠷᠢᠴᠢᠳ ᠤᠨ 《 ᠴᠠᠯᠢᠩ ᠲᠣᠭᠲᠠᠭᠠᠬᠤ ᠰᠢᠬᠦᠷ ︾  ᠢ ᠲᠤᠯᠭᠠᠭᠤᠷᠢᠯᠠᠪᠠ
ᠨᠡᠶᠢᠲᠡᠯᠡᠭᠰᠡᠨ ᠴᠠᠭ᠄
2023/10/31
           ᠵᠢᠯ ᠤᠨ ᠡᠬᠢᠨ ᠠᠴᠠ ᠨᠠᠰᠢ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠲᠥᠷᠥᠯ ᠵᠦᠶᠯ᠂ ᠳᠦᠷᠢᠮ ᠲᠣᠭᠲᠠᠴᠠ ᠶᠢ ᠲᠠᠰᠤᠷᠠᠯᠲᠠ ᠦᠭᠡᠢ ᠲᠡᠭᠦᠯᠲᠡᠷᠵᠢᠭᠦᠯᠵᠦ᠂ ᠠᠵᠢᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠂ 《 ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ 》 ᠶᠢ ᠢᠳᠡᠪᠬᠢᠲᠡᠢ ᠪᠠᠶᠢᠭᠤᠯᠵᠤ᠂ ᠶᠠᠪᠤᠴᠠ ᠶᠢᠨ ᠬᠢᠨᠠᠨ ᠬᠠᠮᠢᠶᠠᠷᠤᠯᠲᠠ᠂ ᠬᠠᠤᠯᠢ ᠶᠣᠰᠣᠭᠠᠷ ᠥᠷᠢ ᠲᠥᠯᠥᠬᠦ᠂ ᠬᠠᠤᠯᠢ ᠠᠴᠠ ᠵᠥᠷᠢᠴᠡᠭᠰᠡᠳ ᠢ ᠵᠠᠯᠬᠠᠭᠠᠨ ᠴᠡᠭᠡᠷᠯᠡᠭᠦᠯᠬᠦ ᠶᠡᠷᠦᠩᠬᠡᠶᠢᠯᠡᠨ ᠵᠠᠰᠠᠬᠤ ᠰᠢᠰᠲ᠋ᠧᠮ᠂ 《 ᠬᠤᠶᠠᠷ ᠰᠠᠭᠤᠭ᠎ᠠ ᠬᠤᠶᠠᠷ ᠪᠠᠶᠢᠴᠠᠭᠠᠯᠲᠠ 》 ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ  ᠂ ᠪᠠᠶᠢᠩᠭᠤᠵᠢᠭᠤᠯᠤᠨ ᠬᠢᠨᠠᠨ ᠵᠢᠯᠣᠭᠤᠳᠴᠤ ᠪᠠᠶᠢᠴᠠᠭᠠᠪᠠ᠂ ᠠᠷᠪᠠᠨ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠰᠢᠭᠤᠨ ᠤ ᠪᠠᠶᠢᠭᠤᠯᠵᠤ ᠪᠠᠶᠢᠭ᠎ᠠ ᠲᠥᠷᠥᠯ ᠵᠦᠢᠯ ᠳᠤ 70 ᠭᠠᠷᠤᠢ ᠤᠳᠠᠭ᠎ᠠ ᠪᠠᠶᠢᠴᠠᠭᠠᠯᠲᠠ ᠬᠢᠪᠡ᠂ ᠴᠡᠭᠴᠡᠯᠡᠨ ᠥᠭᠡᠷᠡᠴᠢᠯᠡᠬᠦ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢ ᠰᠢᠪᠠᠳᠠᠬᠤ ᠨᠢ ᠵᠢᠷᠤᠮᠵᠢᠯ ᠦᠭᠡᠢ᠂ ᠳᠦᠷᠢᠮ ᠲᠡᠭᠦᠯᠳᠡᠷᠵᠢᠭᠡᠳᠦᠶ ᠵᠡᠷᠭᠡ ᠠᠰᠠᠭᠤᠳᠠᠯ 9  ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠴᠠᠯᠢᠩ ᠥᠷᠢᠲᠦᠭᠰᠡᠨ ᠰᠦᠪᠡᠭᠴᠢ ᠶᠢ 189 ᠭᠥᠯᠢᠶᠡᠨ ᠠᠪᠤᠪᠠ᠂ 901 ᠬᠥᠳᠡᠯᠮᠦᠷᠢᠴᠢᠨ ᠳᠤ 711 ᠲᠦᠮᠡᠨ ᠲᠥᠭᠦᠷᠢᠭ  ᠤᠨ ᠬᠥᠳᠡᠯᠮᠦᠷᠢ ᠶᠢᠨ ᠬᠥᠯᠥᠰᠥ ᠣᠯᠭᠤᠮᠵᠢ ᠨᠡᠬᠡᠵᠦ ᠥᠭᠪᠡ᠂ ᠣᠳᠣᠬᠠᠨ ᠳᠤ ᠪᠦᠬᠦ ᠬᠤᠰᠢᠭᠤᠨ ᠤ ᠪᠠᠶᠢᠭᠤᠯᠵᠤ ᠪᠠᠶᠭ᠎ᠠ ᠲᠥᠷᠥᠯ ᠵᠦᠢᠯ ᠤᠨ ᠴᠠᠯᠢᠩ ᠢ ᠨᠢᠭᠡᠨᠲᠡ 100 % ᠪᠠᠷ ᠴᠠᠯᠢᠩ ᠤᠨ ᠺᠠᠷᠲ ᠲᠠᠢ ᠬᠤᠯᠪᠣᠪᠠ᠂ ᠪᠠᠷᠢᠯᠭ᠎ᠠ  ᠶᠢᠨ ᠪᠠᠲᠤᠯᠠᠭ᠎ᠠ ᠶᠢᠨ ᠮᠥᠩᠭᠦ ᠶᠢ 100 % ᠪᠠᠷ ᠬᠤᠯᠪᠣᠨ ᠲᠣᠭᠲᠠᠭᠠᠪᠠ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号