ᠡᠬᠡ ᠤᠯᠤᠰ ᠪᠠᠶᠢᠭᠤᠯᠤᠭᠳᠠᠭᠰᠠᠨ 74 ᠵᠢᠯ ᠤᠨ ᠤᠢ ᠶᠢᠨ ᠪᠠᠶᠠᠷ ᠢ ᠪᠠᠯᠬᠡᠯᠡᠬᠦ     ︽ᠡᠬᠡᠰᠢᠭ ᠬᠠᠩᠭᠢᠨᠠᠭᠰᠠᠨ ᠰᠤᠷᠭᠠᠭᠤᠯᠢ ᠶᠢᠨ ᠬᠦᠷᠢᠶ᠎ᠠ︾ ᠭᠡᠬᠦ ᠭᠤᠤᠯ ᠰᠡᠳᠦᠪᠲᠦ     ᠬᠠᠮᠳᠤ ᠶᠢᠨ ᠲᠠᠭᠤᠤ ᠶᠢᠨ ᠤᠷᠤᠯᠳᠤᠭᠠᠨ ᠠᠮᠵᠢᠯᠳᠠ ᠲᠠᠢ ᠶ᠊
ᠨᠡᠶᠢᠲᠡᠯᠡᠭᠰᠡᠨ ᠴᠠᠭ᠄
2023/10/9
           ᠡᠬᠡ ᠤᠯᠤᠰ ᠪᠠᠶᠢᠭᠤᠯᠤᠭᠳᠠᠭᠰᠠᠨ 74 ᠵᠢᠯ ᠤᠨ ᠣᠶ ᠶᠢ ᠲᠤᠷᠠᠰᠬᠠᠨ ᠲᠡᠮᠳᠡᠭᠯᠡᠵᠦ᠂ ᠬᠡᠦᠬᠡᠳ ᠪᠠᠭᠠᠴᠤᠳ ᠢᠶᠠᠨ ᠬᠠᠷᠠᠬᠠᠨ ᠪᠠᠭ᠎ᠠ ᠠᠴᠠ ᠪᠠᠨ ᠨᠠᠮ ᠢᠶᠠᠨ ᠬᠠᠶᠢᠷᠠᠯᠠᠵᠤ᠂ ᠡᠬᠡ ᠤᠯᠤᠰ ᠢᠶᠠᠨ ᠬᠠᠶᠢᠷᠠᠯᠠᠨ᠂ ᠡᠬᠡ ᠤᠯᠤᠰ ᠤᠨ ᠢᠶᠠᠨ ᠠᠯᠤᠰ ᠢᠷᠡᠭᠡᠳᠦᠢ ᠳᠤ ᠪᠠᠳᠦ ᠢᠳᠡᠭᠡᠯ ᠲᠠᠢ ᠪᠠᠶᠢᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠰᠤᠷᠳᠡᠯᠴᠢᠯᠠᠭ᠎ᠠ ᠶᠢ ᠴᠢᠩᠭᠠᠳᠬᠠᠨ᠂ ᠡᠯ᠎ᠠ ᠦᠨᠳᠤᠰᠤᠲᠠᠨ ᠤ ᠠᠷᠠᠳ ᠲᠦᠮᠡᠨ ᠠᠨᠠᠷ ᠤᠨ ᠦᠷ᠎ᠠ ᠰᠢᠭ ᠨᠢᠭᠲᠠᠷᠠᠨ ᠪᠦᠯᠬᠦᠮᠳᠡᠬᠦ ᠬᠦᠮᠤᠵᠢᠯ ᠢ ᠬᠦᠮᠦᠨ ᠬᠦᠮᠦᠵᠢᠭᠦᠯᠬᠦ ᠡᠯ᠎ᠡ ᠭᠤᠭᠴᠤᠭᠠᠨ ᠳᠤ ᠠᠭᠤᠰᠬᠠᠨ᠂ ᠤᠯᠠᠨ ᠲᠦᠷᠦᠯ ᠤᠨ ᠬᠢᠴᠢᠶᠡᠯ ᠤᠨ ᠭᠠᠳᠠᠨᠠᠬᠢ ᠬᠦᠳᠡᠯᠭᠡᠭᠡᠨ ᠢᠶᠠᠷ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠬᠡ᠂ 2023 ᠣᠨ ᠤ 9 ᠰᠠᠷ᠎ᠠ ᠶᠢᠨ 27 ᠤ ᠡᠳᠦᠷ ᠠᠰᠢᠬᠠᠨ ᠰᠤᠮᠤ ᠶᠢᠨ ᠭᠤᠤᠯ ᠪᠠᠭ᠎ᠠ ᠰᠤᠷᠭᠠᠭᠤᠯᠢ ᠨᠢ 2023 ᠤᠨ ᠤ 9 ᠰᠠᠷ᠎ᠠ  ᠶᠢᠨ 27 ᠤ ᠡᠳᠦᠷ ︽ᠡᠬᠡᠰᠢᠭ ᠬᠠᠩᠭᠢᠨᠠᠭᠰᠠᠨ ᠰᠤᠷᠭᠠᠭᠤᠯᠢ ᠶᠢᠨ ᠬᠦᠷᠢᠶ᠎ᠠ︾ — ᠤᠯᠤᠰ ᠪᠠᠶᠢᠭᠤᠯᠤᠭᠳᠠᠭᠰᠠᠨ ᠪᠠᠶᠠᠷ ᠵᠢᠴᠢ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠪᠠᠷ ᠭᠤᠤᠯ ᠰᠡᠳᠦᠪ ᠪᠤᠯᠭᠠᠭᠰᠠᠨ ᠪᠠᠭᠰᠢ ᠰᠤᠷᠤᠭᠴᠢᠳ ᠤᠨ ᠬᠠᠮᠳᠤ ᠶᠢᠨ ᠲᠠᠭᠤᠤ ᠶᠢᠨ ᠤᠷᠤᠯᠳᠤᠭᠠᠨ ᠢ ᠦᠷᠨᠢᠬᠦᠯᠪᠠ᠃       ᠤᠷᠤᠯᠳᠤᠭᠠᠨ ᠨᠢ ᠪᠠᠭᠰᠢ ᠨᠠᠷ ᠤᠨ ︽ᠨᠠᠮ ᠮᠢᠨᠢ︾ ᠭᠡᠬᠦ ᠭᠤᠴᠤ ᠰᠠᠶᠢᠬᠠᠨ ᠬᠠᠮᠳᠤ ᠶᠢᠨ ᠲᠠᠭᠤᠤ ᠶᠢᠨ ᠳᠤᠮᠳᠠ ᠡᠬᠢᠯᠡᠯᠲᠠ ᠶᠢᠨ ᠬᠥᠰᠢᠭᠡ ᠪᠠᠨ ᠰᠡᠬᠦᠵᠤ᠂ ᠰᠤᠷᠤᠭᠴᠢᠳ ︽ᠡᠬᠡ ᠤᠷᠤᠨ︾᠂ ︽ᠨᠠᠮ ᠳᠤ ᠪᠠᠨ ᠡᠷᠭᠦᠬᠦ ᠪᠡᠯᠡᠭ︾ ᠵᠡᠷᠭᠡ ᠢᠷᠠᠭᠤ ᠰᠠᠶᠢᠬᠠᠨ ᠲᠠᠭᠤᠤ ᠪᠠᠷ ᠢᠶᠠᠨ ᠡᠪ ᠬᠠᠮᠳᠤ ᠨᠠᠮ ᠵᠢᠴᠢ ᠠᠭᠤᠤ ᠶᠡᠭᠡ ᠡᠬᠡ ᠤᠯᠤᠰ ᠢᠶᠠᠨ ᠮᠠᠭᠲᠠᠨ ᠲᠠᠭᠤᠯᠠᠵᠤ᠂ ᠡᠬᠡ ᠤᠯᠤᠰ ᠲᠠᠭᠠᠨ ᠥᠪᠡᠷ ᠤᠨ ᠬᠠᠮᠤᠭ ᠤᠨ ᠴᠢᠩ ᠦᠨᠡᠨᠴᠢ ᠬᠠᠶᠢᠷ᠎ᠠ ᠲᠠᠯᠠᠷᠬᠠᠯ ᠢᠶᠠᠨ ᠲᠡᠪᠰᠢᠬᠦᠯᠪᠠ᠃       ᠲᠣᠰ ᠤᠳᠠᠭᠠᠨ ᠤ ᠤᠯᠤᠰ ᠤᠨ ᠪᠠᠶᠠᠷ ᠢ ᠪᠠᠯᠭᠡᠯᠡᠬᠦ ᠬᠠᠮᠳᠤ ᠶᠢᠨ ᠲᠠᠭᠤᠨ ᠤ ᠤᠷᠤᠯᠳᠤᠭᠠᠨ ᠨᠢ ᠪᠥᠬᠦ ᠪᠠᠭᠰᠢ ᠰᠤᠷᠤᠭᠴᠢᠳ ᠲᠤ ᠡᠬᠡ ᠣᠷᠣᠨᠴᠢ ᠦᠵᠡᠯ ᠤᠨ ᠬᠥᠮᠦᠵᠢᠯ ᠬᠦᠷᠳᠡᠬᠡᠵᠤ᠂ ᠰᠤᠷᠤᠭᠴᠢᠳ ᠤᠨ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠰᠤᠷᠭᠠᠭᠤᠯᠢ ᠪᠠᠨ ᠬᠠᠶᠢᠷᠠᠯᠠᠬᠤ ᠰᠡᠳᠬᠢᠯᠭᠡ ᠶᠢ ᠴᠢᠩᠭᠠᠳᠬᠠᠭᠰᠠᠨ ᠢᠶᠠᠷ ᠪᠠᠷᠠᠬᠤ ᠥᠬᠡᠶ ᠦᠨᠳᠦᠰᠦᠳᠡᠨ ᠤ ᠪᠦᠯᠬᠦᠮᠳᠡᠯ ᠲᠠᠪᠠᠰᠢᠯᠳᠠ ᠶᠢᠨ ᠬᠦᠮᠦᠵᠢᠯ ᠵᠢᠴᠢ ᠲᠤᠮᠳᠠᠳᠤ ᠶᠢᠨ ᠦᠨᠳᠤᠰᠤᠲᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠬᠦᠮᠦᠵᠢᠯ ᠢ ᠤᠯᠭᠤᠭᠰᠠᠨ ᠪᠠᠶᠢᠨ᠎ᠠ᠃ ᠬᠤᠶᠢᠰᠢᠲᠠ ᠮᠠᠨ ᠤ ᠰᠤᠷᠭᠠᠭᠤᠯᠢ ᠶᠢᠨ ᠪᠠᠭᠰᠢ ᠰᠤᠷᠤᠭᠴᠢᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠢ ᠲᠡᠷᠭᠡᠯᠰᠢᠯᠡᠬᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠬᠤ ᠨᠢ ᠯᠠᠪᠲᠠᠢ᠃  
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号