ᠠᠷᠠᠳ ᠤᠨ ᠡᠳᠦᠷ ᠤᠨ ᠰᠣᠨᠢᠨ᠄ ᠥᠪᠥᠷ ᠮᠣᠩᠭᠤᠯ ᠤᠨ ᠣᠩᠨᠢᠭᠤᠳ ᠬᠤᠰᠢᠭᠤ 《 ᠵᠠᠮ ᠢᠶᠠᠷ ᠡᠯᠡᠰᠦ  ᠶᠢ ᠵᠠᠰᠠᠬᠤ 》 ᠢᠨᠵᠧᠨᠧᠷᠢᠩ ᠤᠨ ᠵᠠᠭᠪᠤᠷ ᠢ ᠬᠡᠷᠡᠭᠵᠢᠭᠦᠯᠵᠦ ᠣᠯᠠᠨ ᠲᠦᠮᠡᠨ ᠢ ᠵᠠᠮ ᠳᠤ ᠲᠦᠰᠢᠭᠯᠡᠨ ᠪᠠᠶᠠᠵᠢᠭᠤᠯᠵᠤ ᠪᠤᠢ
ᠨᠡᠶᠢᠲᠡᠯᠡᠭᠰᠡᠨ ᠴᠠᠭ᠄
2023/11/15
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠪᠠᠷᠠᠭᠤᠨ ᠵᠠᠬ᠎ᠠ ᠳᠤ ᠪᠠᠶᠢᠷᠢᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠤ ᠭᠤᠤᠯ ᠪᠠᠶᠢᠯᠳᠤᠭᠠᠨ ᠤ ᠲᠣᠭᠤᠷᠢᠭ ᠤᠨ ᠨᠢᠭᠡ ᠪᠣᠯᠤᠨ᠎ᠠ᠃ ᠤᠯᠠᠨ ᠵᠢᠯ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠤᠷᠰᠢᠯᠭ᠎ᠠ ᠪᠠᠷ ᠢᠶᠠᠨ ᠣᠩᠨᠢᠭᠤᠳ ᠬᠤᠰᠢᠭᠤ 《 ᠵᠠᠮ ᠢᠶᠠᠷ ᠡᠯᠡᠰᠦ ᠶᠢ ᠵᠠᠰᠠᠬᠤ 》 ᠵᠠᠭᠪᠤᠷ ᠢ ᠠᠮᠵᠢᠯᠲᠠ ᠲᠠᠢ ᠬᠠᠶᠢᠨ ᠰᠦᠪᠡᠭᠴᠢᠯᠡᠵᠦ᠂ ᠨᠡᠯᠦᠭᠡᠷ ᠡᠯᠡᠰᠦᠨ ᠲᠠᠯᠠᠢ ᠳᠤ 13 ᠵᠤᠷᠪᠤᠰ ᠡᠯᠡᠰᠦ ᠶᠢ ᠲᠤᠭᠤᠯᠬᠤ ᠵᠠᠰᠠᠮᠠᠯ ᠵᠠᠮ ᠢ ᠵᠠᠰᠠᠵᠤ᠂ ᠨᠣᠮᠢᠨ ᠨᠣᠭᠤᠭᠠᠨ ᠢ ᠡᠯᠡᠰᠦᠨ ᠤ ᠥᠷᠥᠴᠡ ᠭᠠᠵᠠᠷ ᠲᠡᠶᠢᠰᠢ ᠤᠷᠲᠤᠳᠬᠠᠪᠠ᠃ ᠵᠠᠮ ᠳᠠᠭᠠᠤ ᠰᠢᠶᠠᠩ ᠪᠠᠯᠭᠠᠰᠤᠨ ᠤ ᠮᠠᠯᠴᠢᠨ ᠲᠦᠮᠡᠨ ᠤ ᠶᠠᠪᠤᠵᠤ ᠰᠠᠭᠤᠬᠤ ᠳᠤ ᠬᠦᠴᠢᠷ ᠠᠰᠠᠭᠤᠳᠠᠯ ᠢ ᠰᠢᠶᠳᠪᠦᠷᠢᠯᠡᠬᠦ ᠶᠢᠨ ᠬᠠᠮᠲᠤ ᠲᠡᠳᠡᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠳᠤ ᠮᠠᠰᠢ ᠶᠡᠭᠡ ᠳᠡᠮᠵᠢᠯᠭᠡ ᠦᠵᠡᠭᠦᠯᠵᠡᠶ᠃         ᠨᠠᠮᠤᠷ ᠤᠨ ᠰᠡᠭᠦᠯᠴᠢ ᠪᠠᠷ᠂ ᠰᠤᠷᠪᠤᠯᠵᠢᠯᠠᠭᠴᠢ ᠮᠠᠰᠢᠨ ᠲᠡᠷᠭᠡ ᠪᠠᠷ ᠪᠣᠷᠣᠬᠤᠲᠠ ᠠᠴᠠ ᠪᠠᠶᠠᠨᠲᠤᠬᠤᠢ ᠬᠦᠷᠬᠦ ᠡᠯᠡᠰᠦ ᠶᠢ ᠳᠤᠭᠤᠯᠤᠭᠰᠠᠨ ᠵᠠᠰᠠᠮᠠᠯ ᠵᠠᠮ ᠳᠡᠭᠡᠷ᠎ᠡ ᠠᠶᠠᠯᠠᠬᠤ ᠳᠤ᠂ ᠨᠢᠳᠦᠨ ᠡᠮᠦᠨᠡᠬᠢ ᠦᠵᠡᠮᠵᠢ ᠨᠢᠭᠡᠳ ᠨᠢᠭᠡ ᠪᠠᠷ ᠵᠢᠷᠪᠢᠰᠬᠢᠨ ᠥᠩᠭᠡᠷᠡᠨ᠎ᠡ᠃ ᠨᠣᠭᠤᠭᠠᠨ ᠥᠩᠭᠡ ᠪᠠᠷ ᠪᠢᠯᠬᠠᠭᠰᠠᠨ ᠬᠠᠶᠢᠯᠠᠷ ᠨᠠᠷᠠᠰᠤ᠂ ᠨᠠᠶᠢᠯᠵᠠᠭᠤᠷ ᠮᠣᠳᠣ ᠪᠠ ᠬᠤᠯᠤᠰᠤ᠂ ᠰᠢᠷ᠎ᠠ ᠪᠤᠷᠭᠠᠰᠤ᠂ ᠪᠠᠰᠠ ᠲᠡᠷᠡ ᠨᠠᠯᠠᠶᠢᠨ ᠢᠳᠡᠰᠢᠯᠡᠵᠦ ᠪᠠᠶᠢᠭ᠎ᠠ ᠦᠬᠡᠷ ᠤᠨ ᠰᠦᠷᠦᠭ᠂ ᠭᠠᠵᠠᠷ ᠪᠣᠯᠭᠠᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠃ ᠬᠥᠮᠦᠨ ᠲᠡᠷᠭᠡᠨ ᠳᠣᠲᠣᠷ᠎ᠠ ᠰᠠᠭᠤᠵᠤ᠂ ᠲᠡᠷᠭᠡ ᠨᠣᠭᠤᠭᠠᠨ ᠳᠤᠮᠳᠠ ᠤᠮᠪᠠᠨ᠎ᠠ᠃ 《 ᠡᠨᠡ ᠪᠣᠯ ᠶᠣᠰᠣᠲᠠᠢ ᠡᠯᠡᠰᠦᠨ ᠴᠦᠯ ᠤᠨ ᠭᠠᠶᠢᠬᠠᠮᠰᠢᠭ‌‍ᠪᠠᠶᠢᠨ᠎ᠠ  ︕ ᠬᠠᠮᠲᠤ ᠠᠶᠠᠯᠠᠭᠰᠠᠳ  ᠴᠦ ᠪᠠᠶᠢᠨ ᠪᠠᠶᠢᠨ ᠰᠡᠭᠦᠷᠡᠰᠦ ᠠᠯᠳᠠᠵᠤ ᠪᠠᠶᠢᠯ᠎ᠠ᠃         ᠪᠣᠷᠣᠬᠤᠲᠠ ᠠᠴᠠ ᠪᠠᠶᠠᠨᠲᠤᠬᠤᠢ ᠬᠦᠷᠬᠦ ᠡᠯᠡᠰᠦ ᠳᠤᠭᠤᠯᠤᠭᠰᠠᠨ ᠵᠠᠰᠠᠮᠠᠯ ᠵᠠᠮ ᠪᠣᠯ ᠵᠡᠭᠦᠨᠰᠢ ᠪᠠᠷᠠᠭᠤᠨᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠬᠢᠯᠢ ᠳᠣᠲᠣᠷᠠᠬᠢ ᠬᠤᠷᠴᠢᠨ ᠤ ᠡᠯᠡᠰᠦᠷᠬᠡᠭ ᠭᠠᠵᠠᠷ ᠤᠨ ᠥᠷᠥᠴᠡ ᠶᠢ ᠬᠤᠯᠪᠣᠭᠰᠠᠨ ᠡᠯᠡᠰᠦ ᠳᠤᠭᠤᠯᠤᠭᠰᠠᠨ ᠵᠠᠰᠠᠮᠠᠯ ᠵᠠᠮ ᠪᠣᠯᠤᠨ᠎ᠠ᠂ ᠪᠠᠷᠠᠭᠤᠨ ᠠᠴᠠ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠪᠣᠷᠣᠬᠤᠲᠠ ᠪᠠᠯᠭᠠᠰᠤᠨ ᠤ ᠤᠯᠤᠰ ᠤᠨ ᠵᠠᠮ ᠤᠨ 304 ᠱᠤᠭᠤᠮ ᠠᠴᠠ ᠡᠬᠢᠯᠡᠨ ᠵᠡᠭᠦᠨᠰᠢ ᠪᠠᠶᠠᠨᠲᠣᠬᠤᠶ ᠰᠤᠮᠤ ᠬᠦᠷᠲᠡᠯ᠎ᠡ᠂ ᠪᠥᠬᠦ ᠣᠷᠳᠣ ᠨᠢ 91 ᠺᠢᠯᠣᠮᠧᠲᠷ ᠪᠠᠶᠢᠵᠤ᠂ 2021 ᠣᠨ ᠤ ᠨᠠᠮᠤᠷ ᠤᠨ ᠤᠯᠠᠷᠢᠯ ᠳᠤ ᠵᠠᠰᠠᠵᠤ ᠳᠠᠭᠤᠰᠬᠠᠭᠰᠠᠨ ᠤᠯᠠᠭᠠᠨᠬᠠᠳᠠ ᠬᠤᠲᠠ ᠶᠢᠨ ᠬᠠᠮᠤᠭ ᠤᠨ ᠣᠷᠳᠣ ᠪᠠᠷᠤᠭᠰᠢᠨᠪᠧᠲ᠋ᠤᠨ ᠡᠯᠡᠰᠦ ᠳᠤᠭᠤᠯᠤᠭᠰᠠᠨ ᠵᠠᠰᠠᠮᠠᠯ ᠵᠠᠮ ᠪᠣᠯᠤᠨ᠎ᠠ          ᠵᠠᠮ ᠢᠶᠠᠷ ᠡᠯᠡᠰᠦ ᠶᠢ ᠵᠠᠰᠠᠬᠤ ᠪᠣᠯ ᠤᠯᠠᠭᠠᠨᠬᠠᠳᠠ ᠬᠤᠳᠠ ᠶᠢᠨ ᠣᠩᠨᠢᠭᠤᠳ ᠬᠤᠰᠢᠭᠤᠨ ᠤ ᠡᠯᠡᠰᠦ  ᠶᠢ ᠵᠠᠰᠠᠭᠰᠠᠨ ᠤ ᠡᠭᠦᠳᠦᠯᠲᠡ ᠪᠣᠯᠤᠨ᠎ᠠ᠃ ᠣᠯᠠᠨ ᠵᠢᠯ ᠤᠨ ᠦᠶᠯᠡᠳᠦᠯᠭᠡ ᠪᠠᠷ ᠳᠡᠮᠵᠢᠨ᠂ ᠲᠣᠰ ᠬᠤᠰᠢᠭᠤ 《 ᠡᠯᠡᠰᠦ ᠳᠤᠭᠤᠯᠤᠭᠰᠠᠨ ᠵᠠᠰᠠᠮᠠᠯ ᠵᠠᠮ ᠢ ᠨᠡᠪᠲᠡᠷᠡᠭᠦᠯᠵᠦ᠂ ᠣᠭᠲᠣᠯᠤᠨ ᠵᠠᠰᠠᠬᠤ 》 ᠡᠯᠡᠰᠦᠷᠬᠡᠭ ᠭᠠᠵᠠᠷ ᠢ ᠵᠠᠰᠠᠬᠤ ᠵᠠᠭᠪᠤᠷ ᠢ ᠰᠦᠪᠡᠭᠴᠢᠯᠡᠨ ᠭᠠᠷᠭᠠᠵᠤ᠂ ᠤᠷᠢᠳ ᠬᠤᠵᠢᠳ ᠰᠢᠶᠠᠩ ᠳ᠋ᠣᠣ  ᠂ ᠲᠤ ᠬᠠ ᠱᠤᠭᠤᠮ᠂ ᠪᠣᠷᠣᠬᠤᠲᠠ ᠠᠴᠠ ᠪᠠᠶᠠᠨᠲᠤᠬᠤᠢ ᠬᠦᠷᠬᠦ ᠱᠣᠭᠤᠮ ᠵᠡᠷᠭᠡ 13 ᠵᠤᠷᠪᠤᠰ ᠡᠯᠡᠰᠦ ᠳᠤᠭᠤᠯᠤᠭᠰᠠᠨ ᠵᠠᠰᠠᠮᠠᠯ ᠵᠠᠮ ᠢ ᠨᠡᠪᠲᠡᠷᠡᠭᠦᠯᠵᠦ᠂ ᠶᠡᠷᠦᠩᠬᠡᠶ ᠣᠷᠳᠣ ᠨᠢ 400 ᠺᠢᠯᠣᠮᠧᠲᠷ ᠲᠤ ᠬᠦᠷᠴᠦ᠂ 《 ᠲᠠᠪᠤᠨ ᠬᠥᠨᠳᠡᠯᠡᠨ ᠨᠠᠶᠮᠠᠨ ᠭᠤᠯᠳᠤ 》 ᠵᠠᠮ ᠤᠨ ᠲᠣᠤᠷ ᠤᠨ ᠪᠠᠶᠢᠷᠢᠰᠢᠯ ᠢ ᠪᠣᠶ ᠪᠣᠯᠭᠠᠵᠠᠶ᠃ ᠲᠣᠤᠷᠵᠢᠭᠰᠠᠨ ᠡᠯᠡᠰᠦ ᠶᠢ ᠳᠤᠭᠤᠯᠤᠭᠰᠠᠨ ᠵᠠᠰᠠᠮᠠᠯ ᠵᠠᠮ ᠨᠢ ᠡᠯᠡᠰᠦᠷᠬᠡᠭ ᠣᠷᠣᠨ ᠢ ᠡᠯᠡᠰᠦ ᠵᠠᠰᠠᠬᠤ ᠡᠳᠦᠶ ᠲᠡᠳᠦᠶ ᠨᠢᠭᠡᠴᠢ᠂ ᠬᠥᠮᠦᠨ ᠤ ᠤᠷᠤᠰᠬᠠᠯ᠂ ᠪᠠᠷᠠᠭᠠᠨ ᠤ ᠭᠦᠶᠯᠭᠡᠭᠡ  ᠪᠠᠷ ᠳᠡᠮᠵᠢᠨ ᠵᠠᠰᠠᠮᠠᠯ ᠵᠠᠮ ᠢᠶᠠᠷ ᠳᠡᠮᠵᠢᠨ ᠡᠯᠡᠰᠦᠷᠬᠡᠭ ᠭᠠᠵᠠᠷ ᠤᠨ ᠭᠦᠨ ᠳᠤ ᠤᠷᠤᠭᠰᠠᠨ ᠪᠠᠶᠢᠨ᠎ᠠ᠃ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠤᠨ ᠣᠷᠣᠨ ᠳᠤ ᠲᠤᠲᠤᠷᠭ᠎ᠠ ᠶᠢᠨ ᠡᠪᠡᠰᠦᠨ ᠤ ᠳᠥᠷᠪᠡᠯᠵᠢᠨ ᠡᠯᠡᠰᠦᠨ ᠬᠠᠯᠬᠠᠪᠴᠢ ᠪᠤᠯᠠᠵᠤ᠂ ᠨᠡᠭᠦᠳᠡᠯ ᠡᠯᠡᠰᠦᠨ ᠳᠣᠪᠣᠴᠠᠭ ᠢ ᠪᠠᠲᠤ ᠣᠨᠢᠰᠤᠯᠠᠵᠤ ᠪᠣᠢ᠃        ᠣᠩᠨᠢᠭᠤᠳ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠢᠨᠵᠧᠨᠧᠷ ᠵᠠᠩ ᠸᠧᠨ ᠬᠤᠤ᠄ 《 ᠣᠩᠨᠢᠭᠤᠳ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠤᠨ ᠣᠯᠠᠩᠬᠢ ᠨᠢ ᠨᠡᠭᠦᠳᠡᠯ ᠡᠯᠡᠰᠦᠨ ᠳᠣᠪᠣᠴᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠢᠳᠡ 2 ᠮᠧᠲᠷ X 2 ᠮᠧᠲᠷ ᠤᠨ ᠲᠤᠲᠤᠷᠭ᠎ᠠ ᠶᠢᠨ ᠡᠪᠡᠰᠦᠨ ᠤ ᠳᠥᠷᠪᠡᠯᠵᠢᠨ ᠡᠯᠡᠰᠦᠨ ᠬᠠᠯᠬᠠᠪᠴᠢ ᠶᠢᠨ ᠠᠷᠭ᠎ᠠ ᠮᠠᠶ᠋ᠢᠭ ᠢ ᠰᠣᠩᠭᠤᠵᠤ ᠪᠠᠶᠢᠭᠠᠳ ᠡᠯᠡᠰᠦ ᠶᠢ ᠲᠣᠭᠲᠠᠪᠤᠷᠢᠵᠢᠭᠤᠯᠤᠨ᠎ᠠ᠃ ᠲᠤᠲᠤᠷᠭ᠎ᠠ ᠶᠢᠨ ᠡᠪᠡᠰᠦ ᠵᠠᠳᠠᠷᠠᠭᠰᠠᠨ ᠤ ᠳᠠᠷᠠᠭ᠎ᠠ ᠡᠯᠡᠰᠦᠷᠬᠡᠭ ᠭᠠᠵᠠᠷ ᠤᠨ ᠬᠥᠷᠥᠰᠥᠨ ᠤ ᠴᠢᠨᠠᠷ ᠢ ᠰᠠᠶᠢᠵᠢᠷᠠᠭᠤᠯᠬᠤ ᠶᠢᠨ ᠬᠠᠮᠲᠤ ᠣᠶᠢᠵᠢᠭᠤᠯᠬᠤ ᠪᠠ ᠡᠪᠡᠰᠦ ᠳᠠᠷᠢᠬᠤ ᠳᠤ ᠡᠮᠦᠨᠡᠬᠢ ᠬᠤᠭᠤᠴᠠᠭᠠᠨ ᠤ ᠨᠥᠬᠦᠴᠡᠯ ᠢ ᠪᠦᠷᠢᠯᠳᠦᠭᠦᠯᠵᠦ ᠥᠭᠭᠦᠨ᠎ᠡ᠃ 》᠃         ᠵᠠᠮ ᠨᠡᠪᠲᠡᠷᠡᠵᠦ᠂ ᠡᠯᠡᠰᠦᠷᠬᠡᠭ ᠣᠷᠣᠨ ᠤ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠪᠣᠯᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠤᠶᠢᠯ ᠤᠨ ᠶᠡᠭᠡ ᠪᠠᠷ ᠠᠬᠢᠭᠤᠯᠪᠠ᠃ ᠣᠩᠨᠢᠭᠤᠳ ᠬᠤᠰᠢᠭᠤᠨ ᠤ ᠠᠰᠢᠬᠠᠨ ᠰᠤᠮᠤ ᠶᠢᠨ ᠤᠯᠠᠭᠠᠨ᠋ᠣ᠋ᠳᠣ  ᠭᠠᠴᠠᠭᠠᠨ ᠤ ᠮᠠᠯᠴᠢᠨ ᠰᠡᠴᠡᠨ 20 ᠭᠠᠷᠤᠢ ᠵᠢᠯ  ᠤᠨ ᠦᠬᠡᠷ ᠲᠡᠵᠢᠭᠡᠭᠰᠡᠨ ᠲᠡᠦᠬᠡ ᠲᠠᠢ᠂ ᠥᠩᠭᠡᠷᠡᠭᠰᠡᠨ ᠳᠤ ᠵᠠᠮ ᠬᠠᠷᠢᠯᠴᠠᠭ᠎ᠠ ᠳᠥᠭᠦᠮ ᠦᠭᠡᠢ᠂ ᠦᠬᠡᠷ ᠤᠨ ᠠᠵᠤ ᠦᠢᠯᠡᠰ ᠤᠨ ᠬᠥᠭᠵᠢᠯᠲᠡ ᠤᠳᠠᠭᠠᠨ ᠪᠠᠶᠢᠵᠠᠢ᠃ ᠤᠳᠤ ᠵᠠᠮ ᠨᠡᠪᠲᠡᠷᠡᠪᠡ᠂ ᠠᠯᠢᠪᠠ ᠠᠰᠠᠭᠤᠳᠠᠯ ᠪᠦᠷ ᠠᠮᠠᠷᠬᠠᠨ ᠰᠢᠶᠳᠪᠦᠷᠢᠯᠡᠭᠳᠡᠪᠡ᠃ 《 ᠡᠯᠡᠰᠦ ᠳᠤᠭᠤᠯᠤᠭᠰᠠᠨ ᠵᠠᠰᠠᠮᠠᠯ ᠵᠠᠮ ᠢ ᠵᠠᠰᠠᠵᠤ ᠨᠡᠪᠲᠡᠷᠡᠭᠦᠯᠬᠦ ᠠᠴᠠ ᠡᠮᠦᠨ᠎ᠡ ᠮᠠᠨ ᠤ ᠠᠳᠡ ᠶᠠᠪᠤᠵᠤ ᠰᠠᠭᠤᠬᠤ ᠳᠤ ᠳᠥᠭᠦᠮ ᠦᠭᠡᠢ᠂ ᠬᠤᠳᠠᠯᠳᠤᠭᠠᠴᠢᠨ ᠴᠤ ᠢᠷᠡᠬᠦ ᠦᠭᠡᠢ᠃ ᠵᠠᠮ ᠵᠠᠰᠠᠭᠰᠠᠨ ᠤ ᠳᠠᠷᠠᠭ᠎ᠠ ᠡᠪᠡᠰᠦ ᠲᠡᠭᠡᠭᠡᠬᠦ᠂ ᠦᠬᠡᠷ ᠬᠤᠳᠠᠯᠳᠤᠬᠤ ᠳᠤ ᠪᠦᠷ ᠳᠥᠭᠦᠮ ᠪᠣᠯᠵᠠᠶ᠂ ᠬᠤᠯᠠ ᠶᠢᠨ ᠬᠤᠳᠠᠯᠳᠤᠭᠠᠴᠢᠨ ᠪᠠᠰᠠ ᠪᠦᠷ ᠢᠷᠡᠵᠡᠢ᠃ ᠮᠢᠨᠦ ᠣᠳᠣ ᠶᠢᠨ ᠦᠬᠡᠷ ᠥᠷᠡᠵᠢᠭᠡᠳ ᠨᠢᠭᠡᠨᠲᠡ 50 ᠭᠠᠷᠤᠶ ᠪᠣᠯᠵᠠᠶ︕ 》 ᠭᠡᠵᠦ ᠰᠡᠴᠡᠨ ᠪᠠᠶᠠᠷᠲᠠᠢ ᠪᠠᠷ  ᠠᠯᠠᠭ᠎ᠠ ᠪᠠᠨ ᠥᠷᠥᠭᠰᠡᠭᠡᠷ ᠬᠡᠯᠡᠪᠡ᠃        ᠡᠯᠡᠰᠦ ᠳᠤᠭᠤᠯᠤᠭᠰᠠᠨ ᠵᠠᠰᠠᠮᠠᠯ ᠵᠠᠮ ᠢ ᠵᠠᠰᠠᠵᠤ ᠨᠡᠪᠲᠡᠷᠡᠭᠦᠯᠦᠭᠰᠡᠨ ᠨᠢ ᠪᠠᠰᠠ ᠵᠠᠮ ᠳᠠᠭᠠᠤ ᠶᠢᠨ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢ ᠳᠠᠶᠢᠴᠢᠯᠠᠪᠠ᠃ ᠣᠩᠨᠢᠭᠤᠳ ᠬᠤᠰᠢᠭᠤᠨ ᠤ ᠪᠤᠮᠠᠨ ᠮᠥᠩᠭᠦᠨ ᠴᠠᠭᠠᠨ ᠡᠯᠡᠰᠦᠨ ᠵᠢᠭᠤᠯᠴᠢᠯᠠᠯ ᠤᠨ ᠦᠶᠯᠡᠴᠢᠯᠡᠭᠡᠨ ᠤ ᠺᠣᠮᠫᠠᠨᠢ ᠶᠢᠨ ᠬᠠᠷᠢᠭᠤᠴᠠᠯᠭᠠᠲᠠᠨ ᠪᠦ᠋ᠦ ᠲᠢᠶ᠋ᠧ  ᠴᠦᠢ ᠪᠣᠯ ᠳᠠᠷᠤᠶ ᠡᠭᠦᠨ ᠤ ᠳᠣᠲᠣᠷᠠᠬᠢ ᠠᠰᠢᠭ ᠬᠦᠷᠲᠡᠭᠴᠢ ᠮᠥᠨ᠃ 《 ᠵᠠᠮ ᠵᠠᠰᠠᠬᠤ ᠠᠴᠠ ᠡᠮᠦᠨ᠎ᠡ ᠮᠠᠨ ᠤ ᠡᠨᠡ ᠵᠤᠭᠠᠴᠠᠭᠴᠢ ᠲᠤᠩ ᠴᠥᠭᠡᠨ ᠪᠠᠶᠢᠵᠠᠢ᠂ ᠤᠳᠤ ᠵᠠᠮ ᠵᠠᠰᠠᠵᠤ ᠳᠠᠭᠤᠰᠴᠠᠢ᠂ ᠦᠨᠳᠦᠰᠦᠨ ᠳᠡᠭᠡᠨ ᠠᠳᠡ ᠢᠷᠡᠵᠦ ᠡᠯᠡᠰᠦᠨ ᠴᠦᠯ ᠤᠨ ᠬᠡᠭᠡᠷᠡᠯᠡᠭᠴᠢ ᠮᠠᠰᠢᠨ ᠲᠡᠷᠭᠡ ᠶᠢ ᠵᠠᠭᠤ ᠭᠠᠷᠤᠢ ᠨᠠᠭᠠᠳᠳᠠᠭ᠂ ᠬᠥᠮᠦᠨ ᠤ ᠲᠤᠭ᠎ᠠ ᠨᠢ ᠲᠠᠪᠤ ᠵᠢᠷᠭᠤᠭᠠᠨ ᠵᠠᠭᠤ ᠳᠤ ᠬᠦᠷᠴᠦ ᠪᠠᠶᠢᠨ᠎ᠠ᠃ ᠪᠢᠳᠡᠨ ᠳᠤ ᠮᠠᠰᠢ ᠶᠡᠭᠡ ᠦᠷ᠎ᠡ ᠠᠰᠢᠭ ᠠᠪᠴᠢᠷᠠᠵᠠᠶ᠃ ᠵᠤᠭᠠᠴᠠᠭᠰᠠᠳ ᠭᠤᠤᠯᠳᠠᠭᠤ ᠪᠡᠭᠡᠵᠢᠩ ᠲᠢᠶᠠᠨᠵᠢᠨ ᠾᠧᠪᠧᠶ ᠠᠴᠠ ᠢᠷᠡᠵᠦ᠂ ᠡᠭᠦᠨ ᠠᠴᠠ ᠭᠠᠳᠠᠨ᠎ᠠ ᠯᠢᠶᠣᠤᠨᠢᠩ᠂ ᠭᠢᠷᠢᠨ᠂ ᠱᠠᠨᠳᠦ᠋ᠩ ᠤᠨ ᠵᠤᠭᠠᠴᠠᠭᠰᠠᠳ ᠴᠤ ᠴᠥᠭᠡᠨ ᠪᠤᠰᠤ ᠪᠠᠶᠢᠨ᠎ᠠ 》᠃        ᠣᠩᠨᠢᠭᠤᠳ ᠬᠤᠰᠢᠭᠤ ᠪᠣᠯ ᠤᠯᠠᠭᠠᠨᠬᠠᠳᠠ ᠬᠤᠲᠠ ᠶᠢᠨ ᠡᠯᠡᠰᠦᠷᠬᠡᠭ ᠭᠠᠵᠠᠷ ᠤᠨ ᠲᠠᠷᠬᠠᠯᠲᠠ ᠪᠠᠷ ᠬᠠᠮᠤᠭ ᠤᠨ ᠥᠷᠭᠡᠨ᠂ ᠲᠠᠯᠠᠪᠠᠶ ᠪᠠᠷ ᠬᠠᠮᠤᠭ ᠤᠨ ᠶᠡᠭᠡ᠂ ᠡᠯᠡᠰᠦᠷᠬᠡᠭᠵᠢᠭᠰᠡᠨ ᠢᠶᠠᠷ ᠬᠠᠮᠤᠭ ᠤᠨ ᠬᠦᠨᠳᠦ ᠨᠣᠴᠢᠲᠠᠶ ᠭᠠᠵᠠᠷ ᠣᠷᠣᠨ ᠪᠣᠯᠤᠨ᠎ᠠ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ 727 . 4 ᠲᠦᠮᠡᠨ ᠮᠥ ᠳᠤ ᠬᠦᠷᠴᠦ᠂ ᠪᠥᠬᠦ ᠬᠤᠰᠢᠭᠤᠨ ᠤ ᠶᠡᠷᠦᠩᠬᠡᠶ ᠲᠠᠯᠠᠪᠠᠶ ᠶᠢᠨ 40 . 9 % ᠶᠢ ᠡᠵᠡᠯᠡᠵᠦ ᠪᠠᠶᠢᠨ᠎ᠠ᠃ ᠪᠦᠬᠦ ᠬᠤᠰᠢᠭᠤᠨ ᠤ 8 ᠰᠤᠮᠤ ᠰᠢᠶᠠᠩ ᠪᠠᠯᠭᠠᠰᠤ ᠶᠢᠨ 92 ᠭᠠᠴᠠᠭ᠎ᠠ ᠲᠣᠰᠬᠤᠨ ᠡᠯᠡᠰᠦᠷᠬᠡᠭ ᠭᠠᠵᠠᠷ ᠲᠤ ᠪᠠᠶᠢᠷᠢᠰᠢᠵᠤ᠂ 14 ᠲᠦᠮᠡᠨ ᠬᠥᠮᠦᠨ ᠠᠮᠠ ᠡᠯᠡᠰᠦᠷᠬᠡᠭ ᠣᠷᠣᠨ ᠳᠤ ᠦᠢᠯᠡᠳᠪᠦᠷᠢᠯᠡᠯ ᠠᠮᠢᠳᠤᠷᠠᠯ ᠬᠢᠵᠦ᠂ ᠲᠡᠦᠬᠡᠨ ᠠᠴᠠ ᠠᠪᠤᠭᠠᠳ 《 ᠨᠠᠢᠮᠠᠨ ᠵᠠᠭᠤᠨ ᠭᠠᠵᠠᠷ ᠤᠨ ᠬᠠᠨ ᠬᠠᠢ 》 ᠬᠡᠮᠡᠭᠳᠡᠪᠡ᠃ ᠤᠷᠲᠤ ᠬᠤᠭᠤᠴᠠᠭᠠᠨ ᠤ ᠲᠤᠷᠰᠢ᠂ ᠣᠩᠨᠢᠭᠤᠳ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠭᠤᠴᠠᠭ᠎ᠠ ᠬᠤᠭᠤᠴᠠᠭ᠎ᠠ ᠵᠠᠯᠭᠠᠨ ᠬᠢᠵᠦ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠢ ᠴᠥᠬᠦᠷᠡᠰᠢ ᠦᠭᠡᠢ ᠥᠷᠨᠢᠭᠦᠯᠪᠡ᠃ ᠣᠳᠣᠬᠠᠨ ᠪᠣᠯᠲᠠᠯ᠎ᠠ᠂ ᠪᠦᠬᠦ ᠬᠤᠰᠢᠭᠤᠨ  ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠣᠷᠣᠯᠴᠠᠭᠰᠠᠨ ᠬᠥᠮᠦᠨ ᠤ ᠲᠤᠭ᠎ᠠ 12 ᠲᠦᠮᠡ  ᠳᠤ ᠬᠦᠷᠴᠦ᠂ ᠨᠡᠶᠢᠳᠡ 506 ᠲᠦᠮᠡᠨ ᠮᠦ ᠶᠢ ᠵᠠᠰᠠᠪᠠ᠃ ᠡᠯᠡᠰᠦᠨ ᠳᠣᠪᠣᠴᠠᠭ ᠢ ᠨᠣᠭᠤᠭᠠᠨ ᠪᠦᠷᠢᠳᠦ ᠪᠣᠯᠭᠠᠨ ᠬᠤᠪᠢᠷᠠᠭᠤᠯᠵᠤ᠂ ᠡᠯᠡᠰᠦ ᠤᠷᠤᠭᠰᠢᠯᠠᠵᠤ ᠬᠥᠮᠦᠨ ᠤᠬᠤᠷᠢᠵᠤ ᠬᠥᠮᠦᠨ ᠤᠷᠤᠭᠰᠢᠯᠠᠵᠤ ᠡᠯᠡᠰᠦ ᠤᠬᠤᠷᠢᠬᠤ ᠲᠡᠦᠬᠡᠲᠦ ᠴᠢᠨᠠᠷᠲᠠᠶ ᠬᠤᠪᠢᠷᠠᠯᠲᠠ ᠶᠢ ᠪᠡᠶᠡᠯᠡᠭᠦᠯᠪᠡ᠃      《 ᠵᠠᠮ ᠢᠶᠠᠷ ᠡᠯᠡᠰᠦ ᠶᠢ ᠵᠠᠰᠠᠵᠤ᠂ ᠵᠠᠮ ᠢᠶᠠᠷ ᠪᠠᠶᠠᠵᠢᠨ ᠴᠢᠨᠡᠭᠡᠯᠢᠭᠵᠢᠬᠦ 》 ᠨᠢ ᠨᠢᠭᠡᠨᠲᠡ ᠣᠩᠨᠢᠭᠤᠳ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠬᠠᠮᠲᠤ ᠶᠢᠨ ᠲᠠᠨᠢᠯᠲᠠ ᠪᠣᠯᠵᠠᠶ᠃ 《 ᠪᠤᠷᠤᠬᠤᠲᠠ ᠠᠴᠠ ᠪᠠᠶᠠᠨᠲᠤᠬᠤᠢ ᠬᠦᠷᠬᠦ ᠵᠠᠰᠠᠮᠠᠯ ᠵᠠᠮ ᠪᠠᠶᠢᠭᠤᠯᠤᠭᠳᠠᠭᠰᠠᠨ ᠬᠤᠶᠠᠷ ᠵᠢᠯ ᠤᠨ ᠲᠤᠷᠰᠢ᠂ ᠵᠠᠮ ᠳᠠᠭᠠᠤ ᠶᠢᠨ 8 ᠲᠦᠮᠡ ᠰᠢᠬᠠᠮ ᠮᠠᠯᠴᠢᠨ ᠲᠠᠷᠢᠶᠠᠴᠢᠨ ᠢ ᠰᠢᠭᠤᠳ ᠪᠤᠶᠤ ᠳᠠᠮ ᠢᠶᠠᠷ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠲᠡᠭᠡᠭᠡᠪᠦᠷᠢ ᠶᠢᠨ ᠥᠪᠡᠷ ᠤᠨ ᠥᠷᠲᠡᠭ ᠢ ᠪᠠᠷᠤᠭ 40 % ᠪᠠᠷ ᠪᠠᠭᠤᠷᠠᠭᠤᠯᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠪᠢᠳᠡ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠮᠦᠨ ᠤ ᠶᠠᠪᠤᠵᠤ ᠰᠠᠭᠤᠬᠤ ᠨᠢ ᠰᠠᠭᠠᠳ ᠥᠬᠡᠶ᠂ ᠪᠣᠳᠠᠰ ᠤᠨ ᠭᠦᠢᠯᠭᠡᠭᠡᠨ ᠨᠢ ᠰᠠᠭᠠᠳ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠲᠡᠶᠢᠨ ᠢᠶᠠᠷ ᠲᠦᠰᠢᠭ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ  ᠪᠤᠷᠤᠬᠤᠲᠠ ᠠᠴᠠ ᠪᠠᠶᠠᠨᠲᠤᠬᠤᠢ ᠬᠦᠷᠬᠦ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠲᠠᠢ ᠬᠠᠷᠢᠯᠴᠠᠨ ᠤᠶᠠᠯᠳᠤᠭᠤᠯᠵᠤ᠂  ᠪᠤᠷᠤᠬᠤᠲᠠ ᠠᠴᠠ ᠪᠠᠶᠠᠨᠲᠤᠬᠤᠢ ᠬᠦᠷᠬᠦ ᠵᠠᠰᠠᠮᠠᠯ ᠵᠠᠮ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠨᠴᠠᠯᠢᠭᠲᠤ ᠠᠵᠤ ᠦᠶᠯᠡᠰ᠂ ᠠᠮᠢ ᠠᠬᠤᠶ ᠶᠢᠨ ᠵᠢᠭᠤᠯᠴᠢᠯᠠᠯ ᠢᠶᠠᠷ ᠪᠠᠶᠠᠵᠢᠬᠤ ᠶᠢ ᠨᠢᠭᠡ ᠴᠣᠭᠴᠠᠵᠢᠭᠤᠯᠤᠭᠰᠠᠨ 《 ᠬᠠᠮᠤᠭ ᠤᠨ ᠭᠤᠶᠣ ᠬᠥᠳᠡᠭᠡ ᠲᠣᠰᠬᠤᠨ ᠤ ᠵᠠᠮ 》 ᠪᠣᠯᠭᠠᠨ ᠪᠥᠲᠥᠭᠡᠨ ᠪᠠᠶᠢᠭᠤᠯᠤᠨ᠎ᠠ ᠭᠡᠵᠦ ᠣᠩᠨᠢᠭᠤᠳ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ ᠵᠠᠨ ᠲᠢᠩ ᠬᠤᠢ ᠢᠯᠡᠳᠬᠡᠪᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号