ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠵᠢᠴᠢ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠶᠢᠨ ᠦᠵᠡᠭᠦᠯᠦᠯᠭᠡ ᠶᠢᠨ ᠪᠣᠯᠪᠠᠰᠤᠷᠠᠯ ᠤᠨ ᠠᠩᠭᠢ ᠣᠩᠨᠢᠭᠤᠳ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/11/16
      11 ᠳ᠋ᠦ᠋ᠭᠡᠷ ᠰᠠᠷ᠎ᠠ ᠶᠢᠨ 14᠎ ᠤ ᠡᠳᠦᠷ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠵᠢᠴᠢ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠶᠢᠨ ᠦᠵᠡᠭᠦᠯᠦᠯᠭᠡ ᠶᠢᠨ ᠪᠣᠯᠪᠠᠰᠤᠷᠠᠯ ᠤᠨ ᠠᠩᠭᠢ ᠣᠩᠨᠢᠭᠤᠳ ᠬᠤᠰᠢᠭᠤᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠠᠵᠤ ᠠᠬᠤᠶ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠶᠠᠩ ᠶᠢᠨ ᠴᠧᠩ ᠬᠤᠷᠠᠯ ᠢ ᠡᠷᠭᠢᠯᠡᠪᠡ᠃       ᠬᠤᠷᠠᠯ ᠳᠡᠭᠡᠷ᠎ᠡ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠲᠥᠷᠥ ᠶᠢᠨ ᠪᠣᠳᠣᠯᠭ᠎ᠠ ᠬᠢᠭᠡᠳ ᠥᠭᠡᠷᠡᠴᠢᠯᠡᠯᠲᠡ ᠶᠢᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠢᠦ᠋ᠶ ᠺᠦᠶ 《 ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ 》 ᠲᠤᠰᠬᠠᠶ ᠰᠡᠳᠦᠪ ᠢᠶᠠᠷ ᠬᠢᠴᠢᠶᠡᠯ ᠣᠷᠣᠵᠤ᠂ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠳᠤ ᠰᠢᠨ᠎ᠡ ᠰᠡᠳᠬᠢᠮᠵᠢ ᠬᠠᠩᠭᠠᠪᠠ᠃ ᠤᠯᠠᠭᠠᠨᠬᠠᠳᠠ ᠬᠤᠳᠠ᠂ ᠤᠷᠳᠤᠰ ᠬᠤᠳᠠ ᠎ ᠶᠢᠨ ᠦᠦ᠋ᠰᠢᠨ ᠬᠤᠰᠢᠭᠤ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠰᠢᠶᠠ ᠵᠢᠶᠠ ᠳ᠋ᠢᠶᠠᠨ ᠰᠢᠶᠠᠩ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠷᠢᠳ ᠬᠤᠵᠢᠳ ᠣᠩᠨᠢᠭᠤᠳ ᠬᠤᠰᠢᠭᠤᠨ ᠤ ᠤᠳᠠᠨᠲᠣᠬᠤᠢ ᠪᠠᠯᠭᠠᠰᠤᠨ ᠤ ᠰᠠᠨ ᠱᠢ ᠵᠢᠶᠠ ᠽᠢ ᠲᠣᠰᠬᠤᠨ᠂  ᠮᠠᠭᠤ ᠱᠠᠩᠳᠠ ᠰᠢᠶᠠᠩ ᠤᠨ ᠹᠠᠩ ᠱᠧᠨ ᠭᠸᠦ ᠲᠣᠰᠬᠤᠨ᠂ ᠪᠣᠷᠣᠬᠤᠲᠠ ᠪᠠᠯᠭᠠᠰᠤᠨ ᠤ ᠷᠠᠰᠢᠶᠠᠨ ᠭᠠᠴᠠᠭ᠎ᠠ᠂ ᠽᠢ ᠴᠧᠩ ᠵᠡᠭᠡᠯᠢ ᠭᠤᠳᠤᠮᠵᠢ ᠶᠢᠨ ᠳᠠᠷᠠᠰᠤ ᠭᠠᠴᠠᠭ᠎ᠠ ᠳᠤ ᠬᠦᠷᠴᠦ 《 ᠭᠤᠷᠪᠠᠨ ᠬᠤᠪᠢᠷᠠᠯᠲᠠ 》᠎ ᠶᠢᠨ ᠥᠭᠡᠷᠡᠴᠢᠯᠡᠯᠲᠡ ᠶᠢ ᠲᠣᠭᠤᠷᠢᠨ ᠰᠤᠷᠤᠯᠴᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢᠨ ᠭᠠᠵᠠᠷ ᠢ ᠠᠮᠢᠳᠤᠯᠢᠭᠵᠢᠭᠤᠯᠤᠨ ᠠᠰᠢᠭᠯᠠᠵᠤ᠂ ᠳᠠᠭᠠᠭᠠᠴᠢᠯᠠᠭᠰᠠᠨ ᠭᠠᠵᠠᠷ ᠢ ᠨᠠᠷᠢᠯᠢᠭᠵᠢᠭᠤᠯᠤᠨ ᠬᠡᠪᠴᠢᠶᠡᠵᠢᠭᠦᠯᠦᠨ ᠡᠵᠡᠩᠨᠡᠬᠦ ᠵᠡᠷᠭᠡ ᠲᠤᠷᠰᠢᠯᠭ᠎ᠠ ᠠᠷᠭ᠎ᠠ ᠬᠢᠳᠡᠯ ᠢ ᠰᠢᠶᠳᠪᠦᠷᠢᠯᠡᠪᠡ᠃        ᠬᠤᠷᠠᠯ ᠠᠴᠠ ᠵᠢᠭᠠᠵᠤ ᠭᠠᠷᠭᠠᠭᠰᠠᠨ ᠨᠢ᠂ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠪᠣᠯ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠪᠣᠳᠠᠲᠠᠶ ᠠᠰᠠᠭᠤᠳᠠᠯ ᠢ ᠰᠢᠶᠳᠪᠦᠷᠢᠯᠡᠬᠦ᠂ ᠮᠠᠯ ᠠᠵᠤ ᠠᠬᠤᠶ ᠲᠠᠷᠢᠶᠠᠯᠠᠩ ᠤᠨ ᠦᠶᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢᠨ ᠬᠤᠪᠢᠰᠤᠯᠲᠠ ᠶᠢ ᠬᠥᠲᠥᠯᠥᠨ ᠳᠠᠭᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ 《 ᠨᠣᠶᠢᠷᠮᠣᠭᠯᠠᠬᠤ 》 ᠡᠬᠢ ᠪᠠᠶᠠᠯᠢᠭ᠂ ᠡᠳ᠋ ᠬᠥᠷᠥᠩᠭᠡ ᠶᠢᠨ ᠪᠣᠳᠠᠲᠤ ᠬᠡᠷᠡᠭᠴᠡᠭᠡ ᠶᠢ ᠠᠮᠢᠳᠤᠯᠢᠭ ᠪᠣᠯᠭᠠᠬᠤ ᠶᠠᠪᠤᠳᠠᠯ ᠪᠣᠯᠤᠨ᠎ᠠ᠂ ᠡᠯ᠎ᠡ ᠱᠠᠲᠤᠨ ᠤ ᠮᠠᠯ ᠠᠵᠤ ᠠᠬᠤᠶ ᠲᠠᠷᠢᠶᠠᠯᠠᠩ ᠤᠨ ᠰᠠᠯᠠᠭ᠎ᠠ ᠮᠥᠴᠢᠷ ᠤᠨ ᠬᠢᠨ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠶᠢ ᠠᠬᠢᠭᠤᠯᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃       ᠬᠤᠷᠠᠯ ᠠᠴᠠ ᠴᠢᠩᠭᠠᠳᠬᠠᠭᠰᠠᠨ ᠨᠢ᠂ ᠮᠠᠯᠴᠢᠨ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠵᠣᠯᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠦᠢᠯᠡᠴᠢᠯᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠨᠢ ᠡᠴᠦᠰ ᠲᠡᠭᠡᠨ ᠠᠵᠤ ᠦᠢᠯᠡᠰ ᠤᠨ ᠬᠥᠭᠵᠢᠯᠲᠡ ᠪᠠ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠴᠠ ᠪᠤᠯᠵᠤ ᠦᠷᠳᠡᠭ ᠨᠡᠮᠡᠭᠳᠡᠯ ᠤᠨ ᠦᠷ᠎ᠡ ᠠᠰᠢᠭ ᠢ ᠠᠪᠴᠢᠷᠠᠬᠤ ᠳᠤ ᠲᠦᠰᠢᠭᠯᠡᠨ᠎ᠡ᠃ ᠣᠯᠠᠨ ᠵᠦᠢᠯ ᠤᠨ ᠬᠡᠯᠪᠡᠷᠢ ᠶᠢᠨ ᠬᠤᠪᠢ ᠣᠷᠣᠭᠤᠯᠵᠤ ᠬᠤᠷᠰᠢᠯᠴᠠᠬᠤ ᠶᠢ ᠵᠣᠷᠢᠭᠵᠢᠭᠤᠯᠤᠨ᠂ ᠨᠡᠶᠢᠭᠡᠮᠴᠢᠯᠡᠭᠰᠡᠨ ᠦᠢᠯᠡᠴᠢᠯᠡᠭᠡᠨ ᠢ ᠶᠡᠬᠡᠪᠡᠷ ᠬᠥᠭᠵᠢᠭᠦᠯᠵᠦ᠂ ᠬᠠᠮᠲᠤ ᠶᠢᠨ ᠰᠤᠯᠠ ᠪᠠᠶᠢᠭ᠎ᠠ ᠬᠥᠷᠥᠩᠭᠡ ᠶᠢ ᠠᠮᠢᠳᠤᠯᠢᠭᠵᠢᠭᠤᠯᠤᠨ ᠠᠵᠤ ᠦᠢᠯᠡᠰ ᠢ ᠬᠥᠭᠵᠢᠭᠦᠯᠪᠡᠯ ᠰᠠᠶ᠋ᠢ ᠲᠣᠰᠬᠤᠨ ᠢᠶᠠᠨ ᠬᠦᠴᠦᠷᠬᠡᠭᠵᠢᠭᠦᠯᠦᠨ ᠠᠷᠠᠳ ᠢᠶᠠᠨ ᠪᠠᠶᠠᠵᠢᠭᠤᠯᠬᠤ ᠶᠢ ᠦᠨᠡᠨᠬᠦ ᠪᠡᠶᠡᠯᠡᠭᠦᠯᠵᠦ ᠴᠢᠳᠠᠨ᠎ᠠ᠃       ᠬᠤᠷᠠᠯ ᠠᠴᠠ ᠪᠠᠰᠠ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠪᠠᠷ ᠠᠰᠢᠭᠯᠠᠬᠤ ᠲᠤᠷᠰᠢᠯᠲᠠ ᠶᠢᠨ ᠴᠡᠭ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠬᠤᠭᠤᠴᠠᠭ᠎ᠠ ᠨᠢ ᠲᠤᠯᠪᠠᠯ ᠳᠠᠬᠢᠨ 30 ᠵᠢᠯ ᠤᠷᠲᠤᠳᠬᠠᠬᠤ ᠲᠤᠷᠰᠢᠯᠲᠠ ᠶᠢᠨ ᠴᠡᠭ᠂ 《 ᠬᠤᠭᠤᠰᠣᠨ ᠲᠣᠰᠬᠤᠨ 》᠎ ᠤ ᠠᠰᠠᠭᠤᠳᠠᠯ ᠢ ᠰᠢᠶᠳᠪᠦᠷᠢᠯᠡᠬᠦ ᠲᠤᠷᠰᠢᠯᠲᠠ ᠶᠢᠨ ᠴᠡᠭ᠂ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠎ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ᠂ ᠭᠠᠵᠠᠷ ᠰᠢᠷᠣᠶ ᠶᠢᠨ ᠡᠵᠡᠩᠨᠡᠯᠲᠡ ᠎ ᠶᠢᠨ ᠡᠷᠬᠡ ᠶᠢ ᠰᠢᠯᠵᠢᠭᠦᠯᠬᠦ ᠲᠦᠭᠰᠢᠭᠦᠷᠢ ᠶᠢ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃       ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠦᠶᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯ ᠤᠨ ᠺᠠᠳ᠋ᠷ᠂ ᠡᠯ᠎ᠡ ᠠᠶᠢᠮᠠᠭ ᠬᠤᠲᠠ ᠎ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠲᠣᠪᠴᠢᠶᠠᠨ ᠳᠠᠷᠤᠭ᠎ᠠ᠂ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯ ᠤᠨ ᠺᠠᠳ᠋ᠷ ᠬᠤᠷᠠᠯ ᠵᠢᠴᠢ ᠪᠣᠯᠪᠠᠰᠤᠷᠠᠭᠤᠯᠤᠯ ᠳᠤ ᠣᠷᠣᠯᠴᠠᠪᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号