ᠣᠩᠨᠢᠭᠤᠳ ᠬᠤᠰᠢᠭᠤᠨ ᠤ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠤᠳᠠᠯ ᠦᠭᠡᠢ ᠠᠰᠢᠭᠯᠠᠯᠲᠠ ᠳᠤ ᠣᠷᠣᠬᠤ ᠭᠡᠵᠦ ᠪᠠᠶᠢᠨ᠎ᠠ
ᠨᠡᠶᠢᠲᠡᠯᠡᠭᠰᠡᠨ ᠴᠠᠭ᠄
2023/11/16
            ᠣᠩᠨᠢᠭᠤᠳ ᠬᠤᠰᠢᠭᠤᠨ ᠤ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠢ ᠨᠢᠭᠡᠨᠲᠡ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠪᠠ᠂ ᠣᠲᠣ ᠰᠢᠯᠭᠠᠨ ᠠᠪᠬᠤ ᠱᠠᠲᠤᠨ ᠳᠤ ᠣᠷᠣᠵᠤ᠂ ᠵᠢᠱᠢᠯᠲᠡ ᠪᠠᠷ ᠵᠢᠯ ᠤᠨ ᠡᠴᠦᠰ ᠲᠤ ᠠᠰᠢᠭᠯᠠᠯᠲᠠ ᠳᠤ ᠣᠷᠣᠭᠤᠯᠤᠨ᠎ᠠ᠃ ᠲᠣᠰ ᠲᠥᠷᠥᠯ ᠵᠦᠶᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠬᠤᠶᠠᠷ ᠱᠠᠲᠤᠨ ᠤ ᠠᠮᠤᠷ ᠲᠦᠪᠰᠢᠨ ᠪᠠᠷᠢᠮᠵᠢᠶᠠᠵᠢᠭᠰᠠᠨ ᠪᠣᠯᠪᠠᠰᠤᠨ ᠪᠠᠷᠢᠯᠭ᠎ᠠ ᠶᠢᠨ ᠭᠠᠵᠠᠷ ᠤᠨ ᠴᠣᠯᠠ ᠶᠢ ᠭᠥᠷᠳᠡᠵᠦ᠂ ᠤᠯᠠᠭᠠᠨᠬᠠᠳᠠ ᠬᠤᠲᠠ ᠶᠢᠨ ᠪᠠᠷᠢᠯᠭ᠎ᠠ ᠶᠢᠨ ᠪᠦᠲᠦᠴᠡ ᠶᠢᠨ 《 ᠬᠠᠰ ᠯᠣᠤ ᠬᠤᠨᠳᠠᠭᠠᠲᠤ 》 ᠴᠢᠨᠠᠷ ᠰᠠᠶᠢᠲᠠᠶ ᠢᠨᠵᠧᠨᠧᠷᠢᠩ ᠤᠨ ᠱᠠᠩᠨᠠᠯ ᠢ ᠭᠥᠷᠳᠡᠪᠡ᠃        ᠣᠩᠨᠢᠭᠤᠳ ᠬᠤᠰᠢᠭᠤᠨ ᠤ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠪᠣᠯ ᠬᠤᠰᠢᠭᠤᠨ ᠵᠠᠰᠠᠭ ᠤᠨ ᠣᠷᠳᠣᠨ ᠠᠴᠠ 3019 ᠲᠦᠮᠡᠨ ᠲᠥᠭᠦᠷᠢᠭ ᠤᠨ ᠪᠠᠯᠠ ᠣᠷᠣᠭᠤᠯᠵᠤ ᠪᠠᠶᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠪᠠᠶᠢᠭᠤᠯᠤᠮᠵᠢ ᠪᠣᠯᠤᠨ᠎ᠠ᠂ ᠪᠠᠷᠢᠯᠭ᠎ᠠ ᠶᠢᠨ ᠲᠠᠯᠠᠪᠠᠶ ᠨᠢ 10700 ᠲᠡᠭᠰᠢ ᠳᠥᠷᠪᠡᠯᠵᠢᠨ ᠮᠧᠲᠷ ᠪᠠᠶᠢᠵᠤ᠂ 216 ᠣᠷᠣ ᠲᠠᠢ᠂ ᠬᠦᠷᠢᠶᠡᠨ ᠳᠣᠲᠣᠷᠠᠬᠢ ᠰᠢᠲᠠᠷ᠎ᠠ ᠬᠥᠵᠥᠷ ᠤᠨ ᠲᠠᠰᠤᠭ ᠂ ᠫᠢᠩᠫᠠᠩ ᠪᠥᠮᠪᠦᠭᠡ ᠶᠢᠨ ᠲᠠᠰᠤᠭ᠂ ᠤᠩᠰᠢᠯᠭ᠎ᠠ ᠶᠢᠨ ᠲᠠᠰᠤᠭ᠂ ᠪᠡᠶ᠎ᠡ ᠴᠢᠭᠢᠷᠠᠭᠵᠢᠭᠤᠯᠬᠤ ᠬᠡᠷ ᠵᠡᠷᠭᠡ ᠴᠢᠳᠠᠮᠵᠢ  ᠳᠤ ᠬᠡᠷᠡᠭᠯᠡᠬᠦ ᠬᠡᠷ ᠪᠠᠶᠢᠰᠢᠩ ᠪᠦᠷᠢᠨ ᠪᠠᠶᠢᠵᠤ᠂ ᠰᠡᠯᠡᠭᠦᠴᠡᠯ ᠤᠨ ᠠᠭᠤᠳᠠᠮ ᠲᠠᠯᠠᠪᠠᠶ᠂ ᠰᠡᠯᠡᠭᠦᠴᠡᠯ ᠤᠨ ᠰᠤᠯᠠ ᠵᠠᠮ ᠵᠡᠷᠭᠡ ᠢᠵᠢ ᠪᠥᠷᠢᠳᠦᠭᠰᠡᠨ ᠪᠡᠯᠡᠳᠬᠡᠮᠵᠢ ᠲᠠᠢ᠂ ᠨᠠᠷᠢᠨ ᠵᠦᠶᠯᠡᠰ ᠤᠨ ᠲᠣᠬᠢᠷᠠᠭᠤᠯᠤᠯᠲᠠ ᠪᠠᠷ ᠳᠡᠮᠵᠢᠨ᠂ ᠡᠮᠴᠢᠯᠡᠭᠡ᠂ ᠰᠤᠪᠢᠯᠠᠯᠲᠠ᠂ ᠰᠤᠪᠢᠯᠠᠯᠲᠠ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠴᠢᠳᠠᠮᠵᠢ ᠪᠠᠷ ᠪᠦᠷᠢᠨ ᠲᠡᠭᠦᠯᠳᠡᠷ ᠨᠠᠰᠤᠲᠠᠶᠢᠴᠤᠳ ᠢ ᠠᠰᠠᠷᠠᠨ ᠰᠣᠪᠢᠯᠠᠬᠤ ᠬᠦᠷᠢᠶᠡᠯᠡᠩ ᠢ ᠪᠣᠶ ᠪᠣᠯᠭᠠᠪᠠ᠃         ᠨᠠᠰᠤᠲᠠᠶᠢᠴᠤᠳ ᠢ ᠠᠰᠠᠷᠠᠬᠤ ᠬᠦᠷᠢᠶᠡᠯᠡᠩ ᠪᠠᠶᠢᠭᠤᠯᠤᠭᠳᠠᠭᠰᠠᠨ ᠨᠢ ᠣᠩᠨᠢᠭᠤᠳ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠯᠠᠮ ᠨᠢᠭᠡ ᠠᠯᠬᠤᠮ ᠲᠡᠭᠦᠯᠳᠡᠷᠵᠢᠨ ᠰᠢᠯᠢᠳᠡᠭᠵᠢᠭᠰᠡᠨ ᠢ ᠬᠠᠷᠠᠭᠤᠯᠵᠤ᠂ ᠪᠠᠰᠠ ᠨᠡᠩ ᠤᠯᠠᠨ ᠨᠠᠰᠤᠲᠠᠶᠢᠴᠤᠳ ᠢ ᠥᠲᠡᠯᠪᠡᠯ ᠬᠦᠷᠳᠡᠬᠦ ᠠᠰᠠᠷᠠᠮᠵᠢ ᠲᠠᠢ᠂ ᠥᠲᠡᠯᠪᠡᠯ ᠬᠦᠷᠳᠡᠬᠦ ᠠᠰᠠᠷᠠᠮᠵᠢ ᠲᠠᠢ᠂ ᠥᠲᠡᠯᠪᠡᠯ ᠬᠦᠷᠳᠡᠬᠦ ᠴᠡᠩᠭᠡᠯ ᠲᠠᠢ᠂ ᠥᠲᠡᠯᠪᠡᠯ ᠬᠦᠷᠳᠡᠬᠦ ᠠᠮᠤᠭᠤᠯᠠᠩ ᠲᠠᠢ ᠪᠠᠶᠢᠬᠤ ᠵᠣᠯ ᠵᠢᠷᠭᠠᠯᠲᠤ ᠠᠮᠢᠳᠤᠷᠠᠯ ᠢ ᠪᠡᠶᠡᠯᠡᠭᠦᠯᠵᠦ᠂ ᠠᠷᠠᠳ ᠤᠯᠠᠨ ᠤ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠪᠦᠲᠦᠮᠵᠢᠲᠡᠢ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号