ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠵᠢᠴᠢ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠶᠢᠨ ᠦᠵᠡᠭᠦᠯᠦᠯᠭᠡ ᠶᠢᠨ ᠪᠣᠯᠪᠠᠰᠤᠷᠠᠯ ᠤᠨ ᠠᠩᠭᠢ ᠣᠩᠨᠢᠭᠤᠳ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/11/16
      11 ᠳ᠋ᠦ᠋ᠭᠡᠷ ᠰᠠᠷ᠎ᠠ ᠶᠢᠨ 14 ᠤ ᠡᠳᠦᠷ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠵᠢᠴᠢ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠶᠢᠨ ᠦᠵᠡᠭᠦᠯᠦᠯᠭᠡ ᠶᠢᠨ ᠪᠣᠯᠪᠠᠰᠤᠷᠠᠯ ᠤᠨ ᠠᠩᠭᠢ ᠣᠩᠨᠢᠭᠤᠳ ᠬᠤᠰᠢᠭᠤᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠠᠵᠤ ᠠᠬᠤᠶ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠶᠠᠩ ᠶᠢᠨ ᠴᠧᠩ ᠬᠤᠷᠠᠯ ᠢ ᠡᠷᠭᠢᠯᠡᠪᠡ᠃       ᠬᠤᠷᠠᠯ ᠳᠡᠭᠡᠷ᠎ᠡ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠲᠥᠷᠥ ᠶᠢᠨ ᠪᠣᠳᠣᠯᠭ᠎ᠠ ᠬᠢᠭᠡᠳ ᠥᠭᠡᠷᠡᠴᠢᠯᠡᠯᠲᠡ ᠶᠢᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠢᠦ᠋ᠶ ᠺᠦᠶ 《 ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ 》 ᠲᠤᠰᠬᠠᠶ ᠰᠡᠳᠦᠪ ᠢᠶᠠᠷ ᠬᠢᠴᠢᠶᠡᠯ ᠣᠷᠣᠵᠤ᠂ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠳᠤ ᠰᠢᠨ᠎ᠡ ᠰᠡᠳᠬᠢᠮᠵᠢ ᠬᠠᠩᠭᠠᠪᠠ᠃ ᠤᠯᠠᠭᠠᠨᠬᠠᠳᠠ ᠬᠤᠳᠠ᠂ ᠤᠷᠳᠤᠰ ᠬᠤᠳᠠ  ᠶᠢᠨ ᠦᠦ᠋ᠰᠢᠨ ᠬᠤᠰᠢᠭᠤ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠰᠢᠶᠠ ᠵᠢᠶᠠ ᠳ᠋ᠢᠶᠠᠨ ᠰᠢᠶᠠᠩ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠷᠢᠳ ᠬᠤᠵᠢᠳ ᠣᠩᠨᠢᠭᠤᠳ ᠬᠤᠰᠢᠭᠤᠨ ᠤ ᠤᠳᠠᠨᠲᠣᠬᠤᠢ ᠪᠠᠯᠭᠠᠰᠤᠨ ᠤ ᠰᠠᠨ ᠱᠢ ᠵᠢᠶᠠ ᠽᠢ ᠲᠣᠰᠬᠤᠨ᠂  ᠮᠠᠭᠤ ᠱᠠᠩᠳᠠ ᠰᠢᠶᠠᠩ ᠤᠨ ᠹᠠᠩ ᠱᠧᠨ ᠭᠸᠦ ᠲᠣᠰᠬᠤᠨ᠂ ᠪᠣᠷᠣᠬᠤᠲᠠ ᠪᠠᠯᠭᠠᠰᠤᠨ ᠤ ᠷᠠᠰᠢᠶᠠᠨ ᠭᠠᠴᠠᠭ᠎ᠠ᠂ ᠽᠢ ᠴᠧᠩ ᠵᠡᠭᠡᠯᠢ ᠭᠤᠳᠤᠮᠵᠢ ᠶᠢᠨ ᠳᠠᠷᠠᠰᠤ ᠭᠠᠴᠠᠭ᠎ᠠ ᠳᠤ ᠬᠦᠷᠴᠦ 《 ᠭᠤᠷᠪᠠᠨ ᠬᠤᠪᠢᠷᠠᠯᠲᠠ 》 ᠶᠢᠨ ᠥᠭᠡᠷᠡᠴᠢᠯᠡᠯᠲᠡ ᠶᠢ ᠲᠣᠭᠤᠷᠢᠨ ᠰᠤᠷᠤᠯᠴᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢᠨ ᠭᠠᠵᠠᠷ ᠢ ᠠᠮᠢᠳᠤᠯᠢᠭᠵᠢᠭᠤᠯᠤᠨ ᠠᠰᠢᠭᠯᠠᠵᠤ᠂ ᠳᠠᠭᠠᠭᠠᠴᠢᠯᠠᠭᠰᠠᠨ ᠭᠠᠵᠠᠷ ᠢ ᠨᠠᠷᠢᠯᠢᠭᠵᠢᠭᠤᠯᠤᠨ ᠬᠡᠪᠴᠢᠶᠡᠵᠢᠭᠦᠯᠦᠨ ᠡᠵᠡᠩᠨᠡᠬᠦ ᠵᠡᠷᠭᠡ ᠲᠤᠷᠰᠢᠯᠭ᠎ᠠ ᠠᠷᠭ᠎ᠠ ᠬᠢᠳᠡᠯ ᠢ ᠰᠢᠶᠳᠪᠦᠷᠢᠯᠡᠪᠡ᠃        ᠬᠤᠷᠠᠯ ᠠᠴᠠ ᠵᠢᠭᠠᠵᠤ ᠭᠠᠷᠭᠠᠭᠰᠠᠨ ᠨᠢ᠂ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠪᠣᠯ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠪᠣᠳᠠᠲᠠᠶ ᠠᠰᠠᠭᠤᠳᠠᠯ ᠢ ᠰᠢᠶᠳᠪᠦᠷᠢᠯᠡᠬᠦ᠂ ᠮᠠᠯ ᠠᠵᠤ ᠠᠬᠤᠶ ᠲᠠᠷᠢᠶᠠᠯᠠᠩ ᠤᠨ ᠦᠶᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢᠨ ᠬᠤᠪᠢᠰᠤᠯᠲᠠ ᠶᠢ ᠬᠥᠲᠥᠯᠥᠨ ᠳᠠᠭᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ 《 ᠨᠣᠶᠢᠷᠮᠣᠭᠯᠠᠬᠤ 》 ᠡᠬᠢ ᠪᠠᠶᠠᠯᠢᠭ᠂ ᠡᠳ᠋ ᠬᠥᠷᠥᠩᠭᠡ ᠶᠢᠨ ᠪᠣᠳᠠᠲᠤ ᠬᠡᠷᠡᠭᠴᠡᠭᠡ ᠶᠢ ᠠᠮᠢᠳᠤᠯᠢᠭ ᠪᠣᠯᠭᠠᠬᠤ ᠶᠠᠪᠤᠳᠠᠯ ᠪᠣᠯᠤᠨ᠎ᠠ᠂ ᠡᠯ᠎ᠡ ᠱᠠᠲᠤᠨ ᠤ ᠮᠠᠯ ᠠᠵᠤ ᠠᠬᠤᠶ ᠲᠠᠷᠢᠶᠠᠯᠠᠩ ᠤᠨ ᠰᠠᠯᠠᠭ᠎ᠠ ᠮᠥᠴᠢᠷ ᠤᠨ ᠬᠢᠨ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠶᠢ ᠠᠬᠢᠭᠤᠯᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃       ᠬᠤᠷᠠᠯ ᠠᠴᠠ ᠴᠢᠩᠭᠠᠳᠬᠠᠭᠰᠠᠨ ᠨᠢ᠂ ᠮᠠᠯᠴᠢᠨ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠵᠣᠯᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠦᠢᠯᠡᠴᠢᠯᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠨᠢ ᠡᠴᠦᠰ ᠲᠡᠭᠡᠨ ᠠᠵᠤ ᠦᠢᠯᠡᠰ ᠤᠨ ᠬᠥᠭᠵᠢᠯᠲᠡ ᠪᠠ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠴᠠ ᠪᠤᠯᠵᠤ ᠦᠷᠳᠡᠭ ᠨᠡᠮᠡᠭᠳᠡᠯ ᠤᠨ ᠦᠷ᠎ᠡ ᠠᠰᠢᠭ ᠢ ᠠᠪᠴᠢᠷᠠᠬᠤ ᠳᠤ ᠲᠦᠰᠢᠭᠯᠡᠨ᠎ᠡ᠃ ᠣᠯᠠᠨ ᠵᠦᠢᠯ ᠤᠨ ᠬᠡᠯᠪᠡᠷᠢ ᠶᠢᠨ ᠬᠤᠪᠢ ᠣᠷᠣᠭᠤᠯᠵᠤ ᠬᠤᠷᠰᠢᠯᠴᠠᠬᠤ ᠶᠢ ᠵᠣᠷᠢᠭᠵᠢᠭᠤᠯᠤᠨ᠂ ᠨᠡᠶᠢᠭᠡᠮᠴᠢᠯᠡᠭᠰᠡᠨ ᠦᠢᠯᠡᠴᠢᠯᠡᠭᠡᠨ ᠢ ᠶᠡᠬᠡᠪᠡᠷ ᠬᠥᠭᠵᠢᠭᠦᠯᠵᠦ᠂ ᠬᠠᠮᠲᠤ ᠶᠢᠨ ᠰᠤᠯᠠ ᠪᠠᠶᠢᠭ᠎ᠠ ᠬᠥᠷᠥᠩᠭᠡ ᠶᠢ ᠠᠮᠢᠳᠤᠯᠢᠭᠵᠢᠭᠤᠯᠤᠨ ᠠᠵᠤ ᠦᠢᠯᠡᠰ ᠢ ᠬᠥᠭᠵᠢᠭᠦᠯᠪᠡᠯ ᠰᠠᠶ᠋ᠢ ᠲᠣᠰᠬᠤᠨ ᠢᠶᠠᠨ ᠬᠦᠴᠦᠷᠬᠡᠭᠵᠢᠭᠦᠯᠦᠨ ᠠᠷᠠᠳ ᠢᠶᠠᠨ ᠪᠠᠶᠠᠵᠢᠭᠤᠯᠬᠤ ᠶᠢ ᠦᠨᠡᠨᠬᠦ ᠪᠡᠶᠡᠯᠡᠭᠦᠯᠵᠦ ᠴᠢᠳᠠᠨ᠎ᠠ᠃       ᠬᠤᠷᠠᠯ ᠠᠴᠠ ᠪᠠᠰᠠ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠪᠠᠷ ᠠᠰᠢᠭᠯᠠᠬᠤ ᠲᠤᠷᠰᠢᠯᠲᠠ ᠶᠢᠨ ᠴᠡᠭ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠬᠤᠭᠤᠴᠠᠭ᠎ᠠ ᠨᠢ ᠲᠤᠯᠪᠠᠯ ᠳᠠᠬᠢᠨ 30 ᠵᠢᠯ ᠤᠷᠲᠤᠳᠬᠠᠬᠤ ᠲᠤᠷᠰᠢᠯᠲᠠ ᠶᠢᠨ ᠴᠡᠭ᠂ 《 ᠬᠤᠭᠤᠰᠣᠨ ᠲᠣᠰᠬᠤᠨ 》 ᠤ ᠠᠰᠠᠭᠤᠳᠠᠯ ᠢ ᠰᠢᠶᠳᠪᠦᠷᠢᠯᠡᠬᠦ ᠲᠤᠷᠰᠢᠯᠲᠠ ᠶᠢᠨ ᠴᠡᠭ᠂ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ  ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ᠂ ᠭᠠᠵᠠᠷ ᠰᠢᠷᠣᠶ ᠶᠢᠨ ᠡᠵᠡᠩᠨᠡᠯᠲᠡ  ᠶᠢᠨ ᠡᠷᠬᠡ ᠶᠢ ᠰᠢᠯᠵᠢᠭᠦᠯᠬᠦ ᠲᠦᠭᠰᠢᠭᠦᠷᠢ ᠶᠢ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃       ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠦᠶᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯ ᠤᠨ ᠺᠠᠳ᠋ᠷ᠂ ᠡᠯ᠎ᠡ ᠠᠶᠢᠮᠠᠭ ᠬᠤᠲᠠ  ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠲᠣᠪᠴᠢᠶᠠᠨ ᠳᠠᠷᠤᠭ᠎ᠠ᠂ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯ ᠤᠨ ᠺᠠᠳ᠋ᠷ ᠬᠤᠷᠠᠯ ᠵᠢᠴᠢ ᠪᠣᠯᠪᠠᠰᠤᠷᠠᠭᠤᠯᠤᠯ ᠳᠤ ᠣᠷᠣᠯᠴᠠᠪᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号