ᠣᠩᠨᠢᠭᠤᠳ ᠬᠤᠰᠢᠭᠤᠨ ᠤ ᠬᠢᠲᠠᠳ ᠮᠣᠩᠭᠤᠯ ᠡᠮᠨᠡᠯᠭᠡ ᠵᠢᠨ‌ᠬᠤᠷᠢᠶ᠎ᠠ ᠶᠢᠨ ᠨᠡᠷᠡᠲᠦ ᠡᠮᠴᠢ ᠶᠢᠨ ᠠᠵᠢᠯᠯᠠᠬᠤ ᠲᠠᠰᠤᠭ ᠵᠢᠩᠬᠢᠨᠢ ᠪᠠᠷ ᠫᠠᠶᠢᠰᠠ ᠰᠡᠬᠦᠵᠦ  ᠠᠵᠢᠯ ᠡᠬᠢᠯᠡᠭᠦᠯᠪᠡ
ᠨᠡᠶᠢᠲᠡᠯᠡᠭᠰᠡᠨ ᠴᠠᠭ᠄
2023/11/20
        2023 ᠣᠨ ᠤ 11 ᠰᠠᠷ᠎ᠠ ᠶᠢᠨ 15 ᠤ ᠡᠳᠦᠷ᠂ ᠣᠩᠨᠢᠭᠤᠳ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠠᠷᠠᠲᠤ ᠡᠮᠴᠢ ᠶᠢᠨ ᠠᠵᠢᠯᠯᠠᠬᠤ ᠲᠠᠰᠤᠭ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠸᠠᠩ ᠶᠦᠩ ᠯᠢ ᠳᠡᠳ᠋ ᠬᠤᠰᠢᠭᠤᠨ ᠳᠠᠷᠤᠭ᠎ᠠ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠵᠢᠦ ᠫᠦᠦᠸ᠋᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢᠦ ᠯᠢ ᠭᠦᠸᠧ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ ᠨᠡᠷᠡᠲᠦ ᠡᠮᠴᠢ ᠶᠢᠨ ᠠᠵᠢᠯᠯᠠᠬᠤ ᠲᠠᠰᠤᠭ ᠢ ᠬᠢᠲᠠᠳ ᠮᠣᠩᠭᠤᠯ ᠡᠮᠨᠡᠯᠭᠡ ᠶᠢᠨ ᠬᠤᠰᠬᠢᠨᠠᠭ ᠭᠡᠳᠡᠰᠦᠨ ᠤ ᠰᠠᠯᠠᠭᠠᠨ ᠳᠤ ᠲᠣᠬᠢᠷᠠᠭᠤᠯᠵᠤ᠂ ᠣᠳᠣᠬᠠᠨ ᠳᠤ ᠨᠡᠶᠢᠲᠡ 5 ᠡᠮᠴᠢ᠂ 5 ᠰᠤᠪᠢᠯᠠᠭᠴᠢ ᠲᠠᠢ᠃ ᠨᠠᠷᠠᠲᠤ ᠡᠮᠴᠢ ᠶᠢᠨ ᠠᠵᠢᠯᠯᠠᠬᠤ ᠲᠠᠰᠤᠭ ᠫᠠᠶᠢᠰᠠ ᠰᠡᠬᠦᠵᠦ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠥᠬᠦ ᠬᠤᠲᠠ ᠶᠢᠨ ᠬᠤᠰᠬᠢᠨᠠᠭ ᠭᠡᠳᠡᠰᠦᠨ ᠤ ᠰᠠᠯᠠᠭᠠᠨ ᠤ ᠨᠠᠷᠠᠲᠤ ᠲᠤᠰᠬᠠᠶ ᠮᠡᠷᠭᠡᠵᠢᠯᠲᠡᠨ ᠵᠠᠩ ᠰᠦ᠋ ᠶᠦᠨ ᠪᠠᠭᠰᠢ ᠶᠢᠨ ᠵᠢᠭᠠᠨ ᠰᠤᠷᠭᠠᠯᠲᠠ ᠳᠣᠤᠷ᠎ᠠ ᠬᠤᠲᠣᠷᠢᠩᠬᠠᠶ ᠭᠡᠳᠡᠰᠦ ᠰᠢᠯᠤᠭᠤᠨ ᠭᠡᠳᠡᠰᠦᠨ ᠤ ᠲᠣᠮᠣ ᠬᠡᠯᠪᠡᠷᠢ ᠶᠢᠨ ᠳᠡᠭᠡᠳᠦ ᠲᠠᠰ ᠤᠨ ᠮᠡᠰᠡ ᠵᠠᠰᠠᠯ ᠬᠢᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠤᠲᠣᠷᠢᠩᠬᠠᠶ ᠭᠡᠳᠡᠰᠦ ᠰᠢᠯᠤᠭᠤᠨ ᠭᠡᠳᠡᠰᠦᠨ ᠤ ᠮᠡᠰᠡ ᠵᠠᠰᠠᠯ ᠤᠨ ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠵᠦ᠂ ᠣᠩᠨᠢᠭᠤᠳ ᠬᠤᠰᠢᠭᠤᠨ ᠤ ᠠᠷᠠᠳ ᠢᠷᠭᠡᠳ ᠲᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠣᠨᠣᠰᠢᠯᠠᠨ ᠡᠮᠨᠡᠬᠦ ᠬᠢᠷᠢ ᠲᠦᠪᠰᠢᠨ ᠢ ᠡᠳ᠋ᠯᠡᠭᠦᠯᠵᠦ᠂ ᠡᠭᠦᠨ ᠤ ᠬᠠᠮᠲᠤ ᠪᠠᠰᠠ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠲᠦᠪᠰᠢᠨ ᠢ ᠳᠠᠶᠢᠴᠢᠯᠠᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠰᠢᠨ᠎ᠡ ᠮᠡᠷᠭᠡᠵᠢᠯ ᠰᠢᠨ᠎ᠡ ᠲᠥᠷᠥᠯ ᠵᠦᠶᠯ ᠢ ᠲᠠᠰᠤᠷᠠᠯᠲᠠ ᠥᠬᠡᠶ ᠰᠦᠪᠡᠭᠴᠢᠯᠡᠬᠦ ᠶᠢ ᠠᠬᠢᠭᠤᠯᠤᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号