ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠎ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2023/11/21
              ᠣᠶᠢᠷ᠎ᠠ ᠳᠤ᠂ ᠤᠯᠠᠭᠠᠨᠬᠠᠳᠠ ᠬᠤᠲᠠ ᠶᠢᠨ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠳᠤ ᠦᠢᠯᠡᠴᠢᠯᠡᠬᠦ︾ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠎ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠎ ᠶᠢ ᠪᠥᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ  ᠨᠡᠮᠡᠭᠳᠡᠯ ᠢ ᠪᠡᠶᠡᠯᠡᠭᠦᠯᠬᠦ ᠶᠢᠨ ᠭᠤᠣᠯᠳᠠᠯᠭ᠎ᠠ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠳᠤ ᠰᠢᠯᠢᠳᠡᠭ ᠦᠢᠯᠡᠴᠢᠯᠡᠭᠡ ᠬᠠᠩᠭᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠢ  ᠨᠡᠮᠡᠭᠳᠡᠭᠦᠯᠥᠨ᠂ ᠪᠦᠲᠦᠴᠡ ᠎ ᠶᠢ ᠰᠢᠯᠢᠳᠡᠭᠵᠢᠭᠦᠯᠵᠦ ᠪᠠᠶᠢᠨ᠎ᠠ᠃        ᠣᠶᠢᠷ᠎ᠠ ᠎ ᠳᠤ᠂ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠪᠦᠲᠦᠮᠵᠢᠲᠡᠶ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠴᠢᠷ ᠶᠠᠪᠤᠳᠠᠯ ᠭᠦᠢᠴᠡᠳᠬᠡᠬᠦ ᠶᠠᠪᠤᠴᠠ ᠶᠢ ᠳᠦᠭᠦᠮᠴᠢᠯᠡᠨ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠎ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ ᠳᠤ ᠬᠠᠯᠠᠭᠤᠨ ᠦᠢᠯᠡᠴᠢᠯᠡᠭᠡ ᠬᠠᠩᠭᠠᠵᠤ ᠪᠠᠶᠢᠨ᠎ᠠ᠃  ᠤᠳᠤᠬᠠᠨ ᠪᠣᠯᠲᠠᠯ᠎ᠠ᠂ ᠮᠠᠨ ᠤ ᠬᠤᠰᠢᠭᠤᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠡᠷᠦᠩᠬᠡᠢ ᠲᠤᠭ᠎ᠠ 32325 ᠡᠷᠦᠬᠡ ᠪᠠᠶᠢᠵᠤ᠂ 3455 ᠡᠷᠦᠬᠡ ᠰᠢᠨ᠎ᠡ ᠪᠠᠷ ᠨᠡᠮᠡᠭᠳᠡᠨ᠂ ᠡᠭᠦᠨ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ  2714  ᠂ ᠲᠤᠰᠬᠠᠢ  ᠬᠤᠷᠰᠢᠶᠠᠵᠢᠯ 54 ᠡᠷᠦᠬᠡ᠂ ᠠᠵᠤ ᠠᠬᠤᠶᠢᠯᠠᠯ 687 ᠡᠷᠦᠬᠡ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号