ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠳᠣᠯᠣᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ  ᠬᠤᠷᠠᠯᠳᠤᠭᠰᠠᠨ
ᠨᠡᠶᠢᠲᠡᠯᠡᠭᠰᠡᠨ ᠴᠠᠭ᠄
2023/11/21
               1 ᠰᠠᠷ᠎ᠠ ᠶᠢᠨ 20 ᠤ ᠡᠳᠦᠷ᠂ ᠣᠩᠨᠢᠭᠤᠳ ᠬᠤᠰᠢᠭᠤᠨ ᠤ ᠬᠠᠩᠭᠠᠨ ᠪᠣᠷᠣᠯᠠᠭᠤᠯᠬᠤ  ᠬᠤᠯᠪᠣᠭᠠᠲᠤ ᠬᠤᠷᠰᠢᠶ᠎ᠠ  ᠳᠣᠯᠣᠳᠤᠭᠠᠷ ᠤᠳᠠᠭ᠎ᠠ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠤᠯᠠᠭᠠᠨᠬᠠᠳᠠ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨᠠᠭᠴᠢᠳ ᠤᠨ ᠵᠥᠪᠯᠡᠯ ᠤᠨ ᠡᠷᠬᠢᠯᠡᠭᠴᠢ ᠴᠦ᠋ ᠬᠠᠢ ᠪᠥᠸᠧ ᠪᠤᠯᠤᠨ ᠯᠤᠸᠠᠨ ᠱᠸᠤ ᠡᠤ᠂ ᠴᠠᠭᠠᠨᠪᠠᠭᠠᠲᠤᠷ  ᠵᠡᠷᠭᠡ ᠬᠤᠰᠢᠭᠤᠨ ᠤ  ᠤᠳᠤᠷᠢᠳᠤᠯᠭ᠎ᠠ  ᠬᠤᠷᠠᠯ ᠳᠤ ᠣᠷᠣᠯᠴᠠᠵᠠᠢ᠃       ᠬᠤᠷᠠᠯ ᠠᠴᠠ ᠵᠢᠭᠠᠵᠤ ᠭᠠᠷᠭᠠᠭᠰᠠᠨ ᠨᠢ᠂ 2023 ᠣᠨ ᠪᠣᠯ ᠪᠦᠬᠦ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ︽ᠲᠡᠦᠬᠡᠨ ᠠᠵᠠ ᠲᠣᠬᠢᠶᠠᠯᠳᠤ ᠬᠤᠭᠤᠴᠠᠭ᠎ᠠ︾ ᠮᠥᠨ᠂ ᠣᠩᠨᠢᠭᠤᠳ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠨᠢ ᠤᠯᠤᠰ ᠲᠥᠷᠥ   ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠤᠯᠠᠮᠵᠢᠯᠠᠯᠲᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂  ᠬᠤᠷᠰᠢᠶ᠎ᠠ ᠠᠴᠠ ᠡᠷᠭᠢᠯᠡᠭᠰᠡᠨ  ᠠᠵᠤ ᠠᠬᠤᠶᠢᠯᠠᠯ ᠪᠠ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠳᠤ ᠲᠦᠰᠢᠭᠯᠡᠨ᠂ ᠥᠨᠳᠥᠷ ᠪᠦᠲᠦᠮᠵᠢᠲᠡᠶ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠶᠠᠩ ᠤᠨ ᠱᠠᠲᠤᠨ ᠤ ︽ᠭᠤᠷᠪᠠ ᠶᠢ ᠨᠢᠭᠡ ᠴᠣᠭᠴᠠᠵᠢᠭᠤᠯᠬᠤ︾ ᠵᠣᠬᠢᠶᠠᠨ ᠪᠠᠶᠢᠭᠤᠯᠤᠯᠲᠠ  ᠶᠢ ᠠᠬᠢᠭᠤᠯᠬᠤ  ᠶᠢ ᠭᠤᠣᠯ ᠪᠠᠶᠢᠷᠢᠨ ᠳᠤ ᠲᠠᠯᠪᠢᠨ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠥᠨ᠂ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠵᠡᠩᠨᠡᠯᠲᠡ ᠦᠢᠯᠡᠴᠢᠯᠡᠭᠡᠨ ᠤ ᠬᠦᠷᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ  ᠬᠡᠷᠡᠭᠲᠡᠢ ᠭᠡᠵᠡᠢ᠃      ᠬᠤᠷᠠᠯ ᠠᠴᠠ ᠣᠩᠨᠢᠭᠤᠳ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶᠠᠨ ᠤ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠪᠣᠯᠣᠨ  ᠬᠢᠨᠠᠭᠴᠢᠳ ᠤᠨ ᠵᠥᠪᠯᠡᠯ ᠤᠨ ᠠᠵᠢᠯ ᠤᠨ ᠮᠡᠳᠡᠭᠦᠯᠦᠯᠲᠡ ᠶᠢ ᠪᠠᠲᠤᠯᠠᠪᠠ  ᠂ ᠣᠩᠨᠢᠭᠤᠳ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠶᠢᠨ ᠳᠣᠯᠣᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠢᠨᠠᠭᠴᠢᠳ ᠤᠨ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠶᠢ ᠰᠣᠩᠭᠤᠨ  ᠭᠠᠷᠭᠠᠭᠰᠠᠨ ᠤ ᠬᠠᠮᠳᠤ ︽ᠣᠩᠨᠢᠭᠤᠳ ᠬᠤᠰᠢᠭᠤᠨ ᠤ ᠬᠠᠩᠭᠠᠨ ᠪᠣᠷᠣᠯᠠᠭᠤᠯᠬᠤ  ᠬᠤᠯᠪᠣᠭᠠᠲᠤ ᠬᠤᠷᠰᠢᠶᠠᠨ ᠤ ᠳᠦᠷᠢᠮ︾ ᠢ ᠪᠠᠲᠤᠯᠠᠪᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号