| ᠣᠶᠢᠷ᠎ᠠ ᠳᠤ᠂ ᠤᠯᠠᠭᠠᠨᠬᠠᠳᠠ ᠬᠤᠲᠠ ᠶᠢᠨ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠬᠥᠭᠵᠢᠯᠲᠡ ᠳᠤ ᠦᠢᠯᠡᠴᠢᠯᠡᠬᠦ︾ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ ᠪᠥᠬᠦ | ᠬᠤᠰᠢᠭᠤᠨ ᠤ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠬᠦ ᠶᠢᠨ ᠭᠤᠣᠯᠳᠠᠯᠭ᠎ᠠ ᠪᠣᠯᠭᠠᠵᠤ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠳᠤ ᠰᠢᠯᠢᠳᠡᠭ ᠦᠢᠯᠡᠴᠢᠯᠡᠭᠡ ᠬᠠᠩᠭᠠᠨ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠥᠨ᠂ | ᠪᠦᠲᠦᠴᠡ ᠶᠢ ᠰᠢᠯᠢᠳᠡᠭᠵᠢᠭᠦᠯᠵᠦ ᠪᠠᠶᠢᠨ᠎ᠠ᠃ | ᠣᠶᠢᠷ᠎ᠠ ᠳᠤ᠂ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠪᠦᠲᠦᠮᠵᠢᠲᠡᠶ | ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠴᠢᠷ ᠶᠠᠪᠤᠳᠠᠯ ᠭᠦᠢᠴᠡᠳᠬᠡᠬᠦ ᠶᠠᠪᠤᠴᠠ ᠶᠢ ᠳᠦᠭᠦᠮᠴᠢᠯᠡᠨ᠂ ︽ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠵᠢᠯ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ ᠳᠤ ᠬᠠᠯᠠᠭᠤᠨ ᠦᠢᠯᠡᠴᠢᠯᠡᠭᠡ ᠬᠠᠩᠭᠠᠵᠤ ᠪᠠᠶᠢᠨ᠎ᠠ᠃ | ᠤᠳᠤᠬᠠᠨ ᠪᠣᠯᠲᠠᠯ᠎ᠠ᠂ ᠮᠠᠨ ᠤ ᠬᠤᠰᠢᠭᠤᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠡᠷᠦᠩᠬᠡᠢ ᠲᠤᠭ᠎ᠠ | 32325 ᠡᠷᠦᠬᠡ ᠪᠠᠶᠢᠵᠤ᠂ 3455 ᠡᠷᠦᠬᠡ ᠰᠢᠨ᠎ᠡ ᠪᠠᠷ ᠨᠡᠮᠡᠭᠳᠡᠨ᠂ ᠡᠭᠦᠨ ᠳᠤ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ 2714 ᠂ ᠲᠤᠰᠬᠠᠢ ᠬᠤᠷᠰᠢᠶᠠᠵᠢᠯ 54 ᠡᠷᠦᠬᠡ᠂ ᠠᠵᠤ ᠠᠬᠤᠶᠢᠯᠠᠯ 687 ᠡᠷᠦᠬᠡ | ᠪᠠᠶᠢᠨ᠎ᠠ᠃ | | |