ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ  ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/11/23
        11 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠢ ᠰᠡᠳᠦᠪᠲᠦ ᠪᠠᠶᠢᠴᠠᠭᠠᠯᠲᠠ ᠬᠢᠵᠡᠢ᠃ ᠯᠢ ᠢᠦᠢ ᠲᠢᠩ᠂ ᠯᠤᠸᠠᠨ ᠱᠧᠦ ᠦ᠋᠂ ᠤᠳᠤᠴᠢᠮᠡᠭ᠂ ᠵᠧᠩ ᠱᠧᠦ ᠰᠢᠤᠸᠠᠢ᠂ ᠯᠢᠨ ᠹᠦ᠋ ᠵᠡᠷᠭᠡ ᠤᠳᠤᠷᠢᠳᠤᠯᠭ᠎ᠠ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃        ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠨᠡᠭᠦᠯᠭᠡᠨ ᠲᠦᠪᠬᠢᠨᠡᠭᠦᠯᠥᠭᠰᠡᠨ ᠲᠣᠭᠤᠷᠢᠭ ᠤᠨ ᠨᠡᠬᠡᠮᠡᠯ ᠤᠨ ᠦᠢᠯᠡᠳᠪᠦᠷᠢ ᠶᠢᠨ ᠲᠠᠰᠤᠭ  ᠂ ᠽᠢ ᠴᠧᠩ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ  ᠶᠢ ᠥᠷᠭᠡᠳᠬᠡᠨ ᠪᠠᠶᠢᠭᠤᠯᠬᠤ ᠲᠦᠷᠦᠯ ᠵᠦᠢᠯ᠂ ᠤᠯᠠᠭᠠᠨᠬᠠᠳᠠ ᠠᠴᠠ ᠪᠠᠶᠠᠨᠬᠤᠸᠠ ᠬᠦᠷᠬᠦ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠭᠡᠷᠡᠴᠢᠯᠡᠯᠲᠡ ᠶᠢᠨ ᠲᠦᠷᠦᠯ ᠵᠦᠢᠯ ᠵᠡᠷᠭᠡ  ᠭᠠᠵᠠᠷ ᠤᠳ ᠲᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠬᠥᠭᠵᠢᠯᠲᠡ ᠶᠢᠨ ᠲᠥᠯᠦᠪᠵᠢᠭᠦᠯᠭᠡ᠂  ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃        ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠤᠨ ᠬᠢᠨ ᠬᠤᠰᠢᠭᠤᠨ ᠵᠠᠰᠠᠭ ᠤᠨ ᠣᠷᠳᠣᠨ ᠤ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤ ᠮᠡᠳᠡᠭᠦᠯᠥᠯᠲᠡ ᠶᠢ ᠰᠣᠨᠣᠰᠪᠠ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ  ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠢ ᠬᠡᠷᠡᠭᠵᠢᠭᠦᠯᠦᠭᠰᠡᠨ ᠪᠠᠶᠢᠳᠠᠯ   ᠤᠨ ᠲᠤᠬᠠᠢ ᠲᠣᠰ ᠲᠣᠰ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠳᠤᠷᠠᠳᠪᠠ᠃ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠄ ᠡᠯ᠎ᠡ ᠭᠠᠵᠠᠷ ᠤᠷᠤᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠳᠦᠷᠢᠮ ᠢ ᠴᠢᠩᠭᠠᠳᠬᠠᠨ ᠲᠡᠭᠦᠯᠳᠡᠷᠵᠢᠭᠦᠯᠵᠦ᠂ ᠠᠷᠠᠳᠴᠢᠯᠠᠯ  ᠢᠶᠠᠷ ᠳᠠᠮᠵᠢᠭᠤᠯᠤᠨ᠂ ᠨᠠᠮ ᠤᠨ ᠬᠤᠷᠢᠶ᠎ᠠ ᠤᠳᠤᠷᠢᠳᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠭᠤᠣᠯᠯᠠᠭᠤᠯᠤᠭᠰᠠᠨ᠂ ᠵᠠᠰᠠᠭ ᠤᠨ ᠣᠷᠳᠣᠨ ᠠᠴᠠ ᠬᠡᠷᠡᠭᠵᠢᠬᠦᠯᠵᠦ᠂ ᠤᠯᠠᠨ ᠨᠡᠶᠢᠲᠡ ᠪᠠᠷ ᠢᠶᠠᠨ ᠣᠷᠣᠯᠴᠠᠭᠰᠠᠨ ᠵᠠᠰᠠᠯᠲᠠ ᠶᠢᠨ ᠪᠠᠶᠢᠭᠤᠯᠤᠯ ᠢ ᠥᠨᠳᠥᠷ ᠪᠠᠷᠢᠮᠵᠢᠶ᠎ᠠ᠂ ᠥᠨᠳᠥᠷ ᠦᠷ᠎ᠡ ᠪᠦᠲᠦᠮᠵᠢ ᠲᠠᠢ ᠪᠠᠷ ᠪᠡᠶᠡᠯᠡᠭᠦᠯᠬᠦ ᠶᠢ ᠦᠨᠡᠨ ᠬᠦ  ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号