ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠨ ᠷᠦᠨ ᠱᠧᠩ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/11/23
       11 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠠᠨ ᠷᠦᠨ ᠱᠧᠩ  ᠮᠠᠨ ᠤ ᠬᠤᠰᠢᠭᠤᠨ ᠳᠤ ᠢᠷᠡᠵᠦ ︽ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠯᠤᠰ ᠲᠥᠷᠥ  ᠶᠢᠨ ᠵᠥᠪᠯᠡᠯᠭᠡᠨ ᠤ ᠲᠡᠷᠢᠭᠦᠯᠡᠭᠴᠢ ᠰᠣᠶᠣᠯᠴᠡᠴᠡᠭ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠳ᠋ᠦ᠋ ᠶᠢᠨ ᠬᠤᠩ  ᠪᠤᠯᠤᠨ ᠬᠤᠰᠢᠭᠤᠨ ᠤ ᠤᠳᠤᠷᠢᠳᠤᠯᠭ᠎ᠠ ᠬᠥᠭᠵᠢᠯᠲᠦ᠂ ᠰᠦᠨ ᠮᠢᠩ ᠲᠤᠤ᠂ ᠯᠢ ᠶᠠᠨ ᠨᠠᠷ ᠪᠠᠷ᠎ᠠ ᠪᠣᠯᠵᠤ  ᠪᠠᠶᠢᠴᠠᠭᠠᠵᠠᠢ᠃       ᠠᠨ ᠷᠦᠨ ᠱᠧᠩ ᠨᠠᠷ ᠤᠷᠢᠳ ᠬᠤᠵᠢᠳ ᠴᠢᠶᠣᠤ ᠲᠧᠦ ᠪᠠᠯᠭᠠᠰᠤ ᠶᠢᠨ ᠵᠥᠪᠯᠡᠯᠭᠡᠨ ᠤ ᠲᠠᠰᠤᠭ᠂ ᠬᠤᠰᠢᠭᠤᠨ ᠤ ᠰᠢᠭᠦᠬᠦ ᠬᠤᠷᠢᠶ᠎ᠠ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠲᠠᠰᠤᠭ ᠪᠤᠯᠤᠨ ᠾᠧᠩ ᠳ᠋ᠦ᠋ ᠺᠣᠮᠫᠠᠨᠢ ᠵᠡᠷᠭᠡ ᠭᠠᠵᠠᠷ ᠤᠳ ᠲᠤ ᠬᠦᠷᠴᠦ  ᠂ ᠮᠠᠨ ᠤ ᠬᠤᠰᠢᠭᠤ ᠨᠢ ᠲᠥᠪ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ᠂ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠪᠠ ᠦᠨᠳᠦᠰᠦᠨ ᠱᠠᠲᠤᠨ ᠤ ᠵᠥᠪᠯᠡᠯᠭᠡ ᠶᠢ ᠪᠦᠲᠦᠮᠵᠢᠲᠡᠶ ᠵᠣᠯᠭᠠᠭᠤᠯᠬᠤ ᠵᠡᠷᠭᠡ ᠠᠵᠢᠯ ᠢ ᠬᠡᠷᠬᠢᠨ ᠥᠷᠨᠢᠭᠦᠯᠵᠦ ᠪᠠᠶᠢᠭ᠎ᠠ  ᠲᠤᠬᠠᠢ  ᠨᠠᠷᠢᠯᠢᠭ ᠤᠶᠢᠯᠠᠭᠠᠬᠰᠠᠨ ᠤ ᠬᠠᠮᠲᠤ ᠵᠢᠯᠤᠭᠤᠳᠬᠤ ᠰᠠᠨᠠᠯ ᠳᠤᠷᠠᠳᠪᠠ᠃       ᠠᠨ ᠷᠦᠨ ᠱᠧᠩ ᠴᠢᠩᠭᠠᠳᠬᠠᠭᠰᠠᠨ ᠨᠢ  ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ  ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠤᠷᠠᠯ ᠪᠣᠯᠣᠨ ᠬᠠᠮᠢᠶ᠎ᠠ ᠪᠦᠬᠦᠢ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠨ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠪᠣᠯᠣᠨ ᠦᠨᠳᠦᠰᠦᠨ ᠱᠠᠲᠤᠨ ᠤ ᠵᠥᠪᠯᠡᠯᠭᠡ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠳᠦᠷᠢᠮ ᠤᠨ ᠳᠠᠪᠠᠭᠤᠯᠢᠭ ᠢ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠂ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠡᠶᠡᠳᠡᠭᠦᠯᠬᠦ ᠲᠣᠭᠲᠠᠴᠠ ᠶᠢ ᠨᠠᠩ ᠰᠠᠶᠢᠲᠤᠷ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠬᠡᠷᠡᠭᠲᠡᠢ  ᠂ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ  ᠤᠨ ᠬᠦᠴᠢᠷᠳᠡᠯ ᠢ  ᠰᠢᠢᠳᠪᠦᠷᠢᠯᠡᠬᠦ ᠶᠢ ᠴᠢᠩᠭᠠᠳᠬᠠᠵᠤ᠂ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠪᠣᠯᠣᠨ ᠨᠠᠮ ᠤᠨ ᠬᠤᠷᠢᠶ᠎ᠠ ᠵᠠᠰᠠᠭ ᠤᠨ ᠣᠷᠳᠣᠨ ᠤ  ᠨᠦᠬᠦᠷᠯᠡᠯ ᠤᠨ ᠬᠦᠭᠦᠷᠭᠡ ᠶᠢ ᠪᠠᠬᠢᠵᠢᠭᠦᠯᠥᠨ᠂ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ  ᠤᠨ ᠴᠢᠨᠠᠷ ᠰᠠᠶᠢᠲᠠᠢ ᠬᠦᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号