ᠪᠥᠬᠦ ᠣᠷᠣᠨ ᠤ ᠤᠯᠠᠭᠠᠨᠮᠥ᠋ᠴᠢᠷ ᠤᠨ ︽ᠰᠤᠷᠤᠯᠴᠠᠯᠭ᠎ᠠ · ᠡᠭᠦᠳᠦᠯᠲᠡ · ᠲᠣᠭᠯᠠᠯᠲᠠ︾ ᠭᠤᠣᠯ ᠰᠡᠳᠦᠪᠲᠦ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/11/23
       11 ᠰᠠᠷ᠎ᠠ ᠶᠢᠨ 21 ᠤ ᠡᠳᠦᠷ᠂ ᠪᠥᠬᠦ ᠣᠷᠣᠨ ᠤ ᠤᠯᠠᠭᠠᠨᠮᠥ᠋ᠴᠢᠷ ᠤᠨ ︽ᠰᠤᠷᠤᠯᠴᠠᠯᠭ᠎ᠠ · ᠡᠭᠦᠳᠦᠯᠲᠡ · ᠲᠣᠭᠯᠠᠯᠲᠠ︾ ᠭᠤᠣᠯ ᠰᠡᠳᠦᠪᠲᠦ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠮᠠᠨ ᠤ ᠬᠤᠰᠢᠭᠤᠨ ᠳᠤ ᠶᠠᠪᠤᠭᠳᠠᠪᠠ ᠃ ᠥᠪᠡᠷᠲᠡᠭᠡᠨ ᠵᠠᠰᠠᠬᠤ ᠣᠷᠣᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠢᠶᠠᠨ ᠷᠦᠢ ᠬᠤᠸᠠ᠂ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠴᠢᠶᠣᠤ ᠰᠢᠤᠸᠠᠢ ᠹᠧᠩ᠂ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠵᠠᠩ ᠭᠦᠸᠧ ᠬᠤᠸᠠ ᠵᠡᠷᠭᠡ ᠤᠳᠤᠷᠢᠳᠤᠯᠭ᠎ᠠ ᠲᠤᠬᠠᠢ ᠶᠢᠨ ᠲᠠᠯᠠᠪᠠᠶ ᠳᠤ ᠲᠣᠭᠯᠠᠯᠲᠠ ᠶᠢ ᠰᠣᠨᠢᠷᠬᠠᠪᠠ᠃        ᠲᠤᠰ ᠤᠳᠠᠭᠠᠨ ᠤ ᠭᠤᠣᠯ ᠰᠡᠳᠦᠪᠲᠦ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠤᠯᠭᠠᠵᠤ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠤᠭᠰᠠᠨ ᠤ ᠬᠤᠪᠢ ᠳᠤ ᠤᠯᠠᠭᠠᠨᠮᠥ᠋ᠴᠢᠷ ᠨᠢ ᠂ ᠮᠠᠯᠴᠢᠨ ᠲᠦᠮᠡᠨ ᠳᠤ ᠦᠢᠯᠡᠴᠢᠯᠡᠨ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠵᠣᠷᠢᠭ ᠰᠠᠨᠠᠭᠠᠨ ᠤ ᠬᠡᠪ ᠴᠢᠨᠠᠷ ᠪᠣᠯᠣᠨ ᠴᠠᠭ ᠦᠶ᠎ᠡ ᠶᠢᠨ ᠳᠦᠷᠰᠦ ᠪᠠᠶᠢᠳᠠᠯ ᠢ ᠬᠠᠷᠠᠭᠤᠯᠵᠤ᠂ ᠨᠡᠩ ᠤᠯᠠᠨ ︽ᠤᠯᠠᠨ ᠲᠦᠮᠡᠨ ᠲᠠᠢ ᠤᠶᠢᠷᠠᠲᠤᠵᠤ᠂ ᠤᠯᠠᠨ ᠲᠦᠮᠡᠨ ᠳᠤ ᠲᠠᠭᠠᠯᠠᠭᠳᠠᠭᠰᠠᠨ︾ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠢᠷᠠᠭᠤ ᠠᠯᠳᠠᠷ ᠢ ᠪᠢᠴᠢᠭᠯᠡᠬᠦ ᠳᠤ ᠪᠠᠲᠤ ᠪᠠᠬᠢ ᠢᠲᠡᠭᠡᠯ ᠵᠣᠷᠢᠭ ᠪᠣᠯᠣᠨ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠵᠡᠢ᠃       ᠲᠣᠭᠯᠠᠯᠲᠠ ᠨᠢ ︽ᠪᠢᠳᠡ ᠪᠣᠯ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾᠂ ︽ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠲᠠᠯ᠎ᠠ ᠨᠤᠲᠤᠭ ᠲᠤ ᠲᠠᠮᠵᠢᠭᠳᠠᠭᠰᠠᠨ︾᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠡᠷᠡᠯᠬᠡᠭᠯᠡᠨ ᠤᠷᠤᠭᠰᠢᠯᠠᠨᠠᠮ︾ ᠭᠡᠬᠦ ᠭᠤᠷᠪᠠᠨ ᠪᠦᠯᠦᠭ ᠢᠶᠠᠷ ᠪᠦᠷᠢᠯᠳᠦᠨ᠂ ᠪᠥᠵᠢᠭ᠂ ᠬᠥᠭᠵᠢᠮ ᠂ ᠭᠤᠴᠣᠯᠠᠯ ᠳᠠᠭᠤᠤ᠂ ᠨᠠᠶᠢᠷᠠᠯ ᠳᠠᠭᠤᠤ᠂ ᠰᠢ ᠵᠦᠴᠦᠭᠡ ᠵᠡᠷᠭᠡ 15 ᠲᠣᠭᠯᠠᠯᠲᠠ ᠶᠢ ᠪᠠᠭᠲᠠᠭᠠᠵᠤ᠂ ᠦᠵᠡᠭᠴᠢᠳ ᠲᠤ ᠭᠤᠶᠢᠳᠠ ᠰᠠᠶᠢᠬᠠᠨ ᠤᠷᠠᠯᠢᠭ ᠤᠨ ᠬᠦᠷᠳᠡᠭᠡᠯ ᠬᠠᠩᠭᠠᠭᠰᠠᠨ ᠪᠠᠶᠢᠨ᠎ᠠ᠃       ᠲᠣᠭᠯᠠᠯᠲᠠ ᠶᠢ ᠥᠪᠡᠷᠲᠡᠭᠡᠨ ᠵᠠᠰᠠᠬᠤ ᠣᠷᠣᠨ ᠤ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠤᠨ ᠲᠢᠩᠬᠢᠮ ᠪᠤᠯᠤᠨ ᠤᠳᠬ᠎ᠠ ᠤᠷᠠᠯᠢᠭ ᠤᠨ ᠬᠤᠯᠪᠣᠭ᠎ᠠ ᠠᠴᠠ ᠭᠤᠣᠯᠯᠠᠨ ᠡᠷᠬᠢᠯᠡᠵᠦ᠂ ᠤᠯᠠᠭᠠᠨᠬᠠᠳᠠ ᠬᠤᠳᠠ ᠶᠢᠨ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠳᠠᠭᠠᠭᠠᠴᠢᠯᠠᠨ  ᠡᠷᠬᠢᠯᠡᠵᠡᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号