︽ᠮᠠᠨ ᠤ ᠭᠡᠷ ᠤᠨ ᠡᠭᠦᠳᠡᠨ ᠳᠠᠬᠢ ᠲᠡᠷᠡ ᠵᠠᠮ︾ ᠡᠪᠦᠯ ᠤᠨ ᠠᠭᠤᠷ  ᠪᠣᠯᠪᠠᠰᠤᠨ  ᠬᠥᠲᠡᠭᠡ ᠲᠣᠰᠬᠤᠨ  ᠤ ᠵᠠᠮ᠂ ᠳᠠᠬᠢᠨᠲᠠ ᠬᠦᠴᠦ ᠬᠤᠷᠠᠮᠳᠤᠭᠤᠯᠬᠤ ᠭᠤᠣᠯ ᠰᠡᠳᠦᠪᠲᠦ ᠦᠵᠡᠭᠦᠯᠦᠯᠭᠡ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/11/23
       11 ᠰᠠᠷ᠎ᠠ ᠶᠢᠨ 22 ᠤᠨ ᠡᠳᠦᠷ᠂ ︽ᠮᠠᠨ ᠤ ᠭᠡᠷ ᠤᠨ ᠡᠭᠦᠳᠡᠨ ᠳᠠᠬᠢ ᠲᠡᠷᠡ ᠵᠠᠮ︾ ᠡᠪᠦᠯ ᠤᠨ ᠠᠭᠤᠷ  ᠪᠣᠯᠪᠠᠰᠤᠨ  ᠬᠥᠲᠡᠭᠡ ᠲᠣᠰᠬᠤᠨ ᠤ  ᠵᠠᠮ᠂ ᠳᠠᠬᠢᠨᠲᠠ ᠬᠦᠴᠦ ᠬᠤᠷᠠᠮᠳᠤᠭᠤᠯᠬᠤ ᠭᠤᠣᠯ ᠰᠡᠳᠦᠪᠲᠦ ᠦᠵᠡᠭᠦᠯᠦᠯᠭᠡ ᠶᠢᠨ ᠭᠠᠷᠠᠭ  ᠤᠨ ᠡᠬᠢᠯᠡᠯᠲᠡ ᠶᠢᠨ ᠶᠣᠰᠣᠯᠠᠯ ᠮᠠᠨ ᠤ ᠬᠤᠰᠢᠭᠤᠨ ᠳᠤ ᠶᠠᠪᠤᠭᠳᠠᠪᠠ᠃ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ ᠬᠠᠨ ᠭᠥᠸᠧ ᠫᠧᠩ  ᠂ ︽ᠳᠤᠮᠳᠠᠳᠤ ᠤᠯᠤᠰ ᠤᠨ ᠵᠠᠰᠠᠮᠠᠯ ᠵᠠᠮ︾ ᠰᠡᠳᠬᠦᠯ ᠤᠨ ᠬᠤᠷᠢᠶᠠᠨ ᠤ ᠳᠠᠷᠤᠭ᠎ᠠ ᠸᠠᠩ ᠲᠤᠤ  ᠂ ᠬᠤᠰᠢᠭᠤᠨ ᠤ ᠤᠳᠤᠷᠢᠳᠤᠯᠭ᠎ᠠ ᠭᠤᠸ ᠶᠦᠩ ᠦ᠋᠂ ᠸᠠᠩ ᠵᠢᠶᠦ᠋ᠨ ᠵᠢᠶᠦ᠋ᠨ᠂  ᠬᠣ᠋ ᠹᠧᠩ ᠶᠠᠨ᠂ ᠯᠢᠨ ᠬᠣ᠋᠂ ᠶᠠᠩ ᠪᠦᠦ ᠰᠧᠨ ᠨᠠᠷ ᠠᠵᠢᠯᠯᠠᠭ᠎ᠠ ᠳᠤ ᠣᠷᠣᠯᠴᠠᠵᠠᠢ᠃       ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠵᠢᠶᠦ᠋ᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠪᠠᠶᠠᠷ ᠤᠨ ᠦᠭᠡ ᠬᠡᠯᠡᠵᠡᠢ᠃       ᠣᠶᠢᠷ᠎ᠠ ᠶᠢᠨ ᠵᠢᠯ ᠠᠴᠠ᠂ ᠣᠩᠨᠢᠭᠤᠳ ᠬᠤᠰᠢᠭᠤ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠷ ᠬᠠᠷᠠᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠢᠶᠠᠷ ᠠᠴᠢᠶᠠᠯᠠᠪᠤᠷᠢ ᠪᠣᠯᠭᠠᠵᠤ ᠂ ︽ᠵᠠᠮ ᠢᠶᠠᠷ ᠡᠯᠡᠰᠦ ᠶᠢ ᠵᠠᠰᠠᠬᠤ︾ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠠᠭᠪᠤᠷ ᠢ ᠠᠮᠵᠢᠯᠲᠠᠲᠠᠢ ᠰᠦᠪᠡᠭᠴᠢᠯᠡᠨ ᠭᠠᠷᠭᠠᠵᠤ᠂ ᠣᠲᠣ ᠨᠢᠭᠡᠨᠲᠡ ᠨᠡᠶᠢᠲᠡ 13 ᠵᠤᠷᠪᠤᠰ ᠡᠯᠡᠰᠦ  ᠲᠣᠮᠲᠠᠭᠤᠷᠬᠢ ᠵᠠᠰᠠᠮᠠᠯ ᠵᠠᠮ ᠢ ᠪᠦᠲᠦᠭᠡᠨ ᠪᠠᠶᠢᠭᠤᠯᠵᠤ᠂ ᠶᠡᠷᠦᠩᠬᠡᠢ ᠣᠷᠳᠣ ᠨᠢ 398 ᠺᠢᠯᠣᠮᠧᠲᠷ᠂ ᠵᠠᠮ ᠳᠠᠭᠠᠤ ᠶᠢᠨ ᠡᠯᠡᠰᠦ ᠶᠢ 258 ᠲᠦᠮᠡᠨ ᠮᠦ ᠵᠠᠰᠠᠵᠤ᠂ ᠤᠷᠢᠳ ᠬᠤᠵᠢᠳ ︽ᠪᠥᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠡᠷᠢᠭᠦᠨ ᠤ ᠬᠠᠮᠲᠤ︾᠂ ︽ᠪᠥᠬᠦ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠬᠠᠮᠲᠤ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠪᠡ᠃       ᠬᠤᠶᠢᠰᠢᠳᠠ ᠶᠢᠨ ᠨᠢᠭᠡ ᠬᠤᠭᠤᠴᠠᠭᠠᠨ ᠳᠤ᠂ ᠣᠩᠨᠢᠭᠤᠳ ᠬᠤᠰᠢᠭᠤᠨ ᠤ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠵᠡᠭᠦᠨ ᠬᠡᠰᠡᠭ ᠤᠨ ᠭᠠᠵᠠᠷ ᠣᠷᠣᠨ ᠢᠶᠠᠷ ᠡᠯᠡᠰᠦ ᠶᠢ ᠵᠠᠰᠠᠬᠤ᠂ ᠪᠠᠷᠠᠭᠤᠨ ᠬᠡᠰᠡᠭ ᠤᠨ ᠭᠠᠵᠠᠷ ᠣᠷᠣᠨ ᠢᠶᠠᠷ ᠬᠥᠷᠥᠰᠥ ᠰᠢᠷᠣᠢ ᠶᠢ ᠵᠠᠰᠠᠬᠤ᠂ ᠳᠤᠮᠳᠠ ᠬᠡᠰᠡᠭ ᠤᠨ ᠭᠠᠵᠠᠷ ᠣᠷᠣᠨ ᠢᠶᠠᠷ ᠬᠦᠷᠢᠶᠡᠯᠡᠩ ᠲᠣᠭᠤᠷᠢᠭ ᠢ ᠠᠳᠬᠤᠬᠤ᠂ ᠪᠥᠬᠦ ᠣᠷᠣᠨ ᠪᠦᠰᠡ ᠪᠠᠷ ᠢᠶᠠᠨ ᠵᠢᠭᠤᠯᠴᠢᠯᠠᠯ ᠬᠢᠬᠦ︾ ᠬᠥᠭᠵᠢᠯᠲᠡ ᠶᠢᠨ ᠰᠡᠳᠬᠢᠴᠡ ᠶᠣᠰᠣᠭᠠᠷ᠂ ︽ᠭᠤᠷᠪᠠᠨ ᠤᠮᠠᠷᠠᠲᠤ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠯ᠎ᠡ ᠵᠣᠶᠢᠯ ᠤᠨ ᠡᠯᠡᠰᠣ ᠶᠢ ᠵᠠᠰᠠᠬᠤ ᠢᠯᠠᠯᠲᠠ ᠶᠢ  ᠣᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠡᠷᠭᠦᠬᠦ ᠪᠣᠯᠣᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号