ᠮᠠᠨ ᠤ ᠬᠤᠰᠢᠭᠤ ᠠᠵᠤ ᠠᠬᠤᠶᠢᠯᠠᠯ ᠢ ᠢᠳᠡᠪᠬᠢᠲᠡᠢ ᠵᠣᠬᠢᠶᠠᠨ ᠪᠠᠶᠢᠭᠤᠯᠵᠤ ︽ᠰᠠᠶᠢᠨ ᠪᠦᠲᠦᠭᠡᠭᠳᠡᠭᠦᠨ ᠢᠶᠠᠨ ᠪᠡᠭᠡᠵᠢᠩ ᠳᠤ ᠣᠷᠣᠭᠤᠯᠬᠤ︾ ᠠᠵᠢᠯᠯᠠᠭ᠎ᠠ ᠳᠤ ᠤᠷᠤᠯᠴᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/11/23
         ᠣᠶᠢᠷ᠎ᠠ ᠳᠤ᠂ ᠮᠠᠨ ᠤ ᠬᠤᠰᠢᠭᠤᠨ ᠤ ᠬᠡᠰᠡᠭ ᠠᠵᠤ ᠠᠬᠤᠶᠢᠯᠠᠯ ᠤᠳ  ︽ᠤᠯᠠᠭᠠᠨᠬᠠᠳᠠ ᠶᠢᠨ ᠰᠠᠶᠢᠨ  ᠪᠠᠷᠠᠭ᠎ᠠ  ᠶᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠳᠤ ᠢᠳᠡᠪᠬᠢᠲᠡᠢ ᠣᠷᠣᠯᠴᠠᠵᠤ ᠪᠠᠶᠢᠨ᠎ᠠ᠃ᠤᠯᠠᠭᠠᠨᠬᠠᠳᠠ ᠶᠢᠨ ᠪᠸᠢ ᠹᠠᠩ ᠯᠢᠶᠠᠩ ᠰᠠᠩ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠦᠲᠦᠭᠡᠭᠳᠡᠬᠦᠨ ᠤ ᠦᠵᠡᠭᠦᠯᠦᠯᠭᠡ ᠶᠢᠨ ᠳᠡᠯᠭᠡᠭᠦᠷ ᠲᠤ᠂ ᠠᠵᠢᠯᠲᠠᠳ  ᠡᠯ᠎ᠡ ᠲᠦᠷᠦᠯ ᠤᠨ ᠪᠦᠲᠦᠭᠡᠭᠳᠡᠬᠦᠨ ᠢ ᠬᠠᠶᠢᠷᠴᠠᠭ  ᠲᠤ  ᠰᠠᠪᠠᠯᠠᠨ ᠶᠠᠭᠠᠷᠠᠯᠳᠤᠵᠤ ᠪᠠᠶᠢᠯ᠎ᠠ᠃       ᠪᠸᠢ ᠹᠠᠩ ᠯᠢᠶᠠᠩ ᠰᠠᠩ ᠦᠵᠡᠭᠦᠯᠦᠯᠭᠡ ᠶᠢᠨ ᠳᠡᠯᠭᠡᠭᠦᠷ ᠤᠨ ᠬᠠᠷᠢᠭᠤᠴᠠᠯᠭᠠᠲᠠᠨ ᠯᠢᠶᠠᠩ ᠯᠢ ᠶᠠ ᠬᠡᠯᠡᠭᠰᠡᠨ ᠨᠢ᠄ ︽ ᠲᠤᠰ ᠤᠳᠠᠭ᠎ᠠ ᠶᠢᠨ ᠪᠡᠭᠡᠵᠢᠩ ᠳᠤ ᠤᠷᠤᠵᠤ ᠢᠷᠡᠭᠰᠡᠨ ᠪᠦᠳᠦᠭᠡᠭᠳᠡᠭᠦᠨ ᠳᠤ ᠰᠧᠨᠳᠡᠩ ᠮᠤᠳᠤᠨ ᠦᠷ᠎ᠡ ᠶᠢᠨ ᠲᠣᠰᠣ᠂ ᠲᠤᠲᠤᠷᠭ᠎ᠠ᠂ ᠨᠡᠷᠡᠨ ᠬᠤᠸᠠᠷ ᠤᠨ ᠲᠣᠰᠣ᠂ ᠰᠢᠷ᠎ᠠ ᠪᠤᠷᠴᠠᠭ ᠤᠨ ᠲᠣᠰᠣ  ᠵᠡᠷᠭᠡ ᠪᠠᠶᠢᠨ᠎ᠠ᠂  ᠵᠠᠰᠠᠭ ᠤᠨ ᠣᠷᠳᠣᠨ ᠠᠴᠠ ᠪᠢᠳᠡᠨ ᠳᠤ ᠡᠨᠡ ᠤᠳᠠᠭᠠᠨ ᠤ ᠵᠠᠪᠰᠢᠶᠠᠨ ᠢ ᠣᠯᠭᠤᠵᠤ᠂ ᠪᠢᠳᠡᠨ ᠤ ᠦᠢᠯᠡᠳᠬᠦᠨ ᠢ ᠨᠡᠶᠢᠰᠯᠡᠯ ᠪᠡᠭᠡᠵᠢᠩ ᠳᠤ ᠣᠷᠣᠭᠤᠯᠤᠭᠰᠠᠨ ᠳᠤ ᠲᠠᠯᠠᠷᠬᠠᠵᠤ ᠪᠠᠶᠢᠨ᠎ᠠ ᠭᠡᠵᠡᠢ᠃ ᠶᠠ ᠨᠦᠸᠧ ᠤᠶᠢᠵᠢᠭᠤᠯᠤᠯᠲᠠ ᠶᠢᠨ ᠲᠠᠯᠠᠪᠠᠢ ᠳᠤ᠂ ᠬᠡᠳᠦᠶᠢᠪᠡᠷ ᠬᠥᠬᠡᠭᠡ ᠡᠪᠦᠯ ᠪᠣᠯᠤᠭᠰᠠᠨ ᠪᠣᠯᠪᠠᠴᠤ᠂  ᠲᠤᠰ ᠲᠠᠯᠠᠪᠠᠢ  ᠶᠢᠨ ᠠᠯᠮᠤᠷᠠᠳ ᠤᠨ ᠵᠠᠬᠢᠶᠠᠯᠠᠭ᠎ᠠ ᠲᠠᠰᠤᠷᠠᠯᠳᠡ ᠦᠭᠡᠢ ᠪᠠᠶᠢᠵᠤ᠂ 73 ᠨᠠᠰᠤᠲᠠᠢ ᠡᠯᠡᠰᠦ ᠵᠠᠰᠠᠭᠰᠠᠨ ᠵᠢᠱᠢᠶᠡᠴᠢ ᠮᠦᠷᠳᠡᠭᠡᠨ ᠲᠠᠯᠠᠪᠠᠢ ᠶᠢᠨ ᠬᠠᠷᠢᠭᠤᠴᠠᠯᠭᠠᠲᠠᠨ ᠨᠢ ᠲᠢᠶᠧ ᠵᠢᠶᠦ᠋ᠨ ᠰᠠᠶᠢᠨ ᠪᠦᠳᠦᠭᠡᠭᠳᠡᠭᠦᠨ ᠢ ᠪᠡᠭᠡᠵᠢᠩ ᠳᠤ ᠤᠷᠤᠭᠤᠯᠬᠤ ᠠᠵᠢᠯᠯᠠᠭ᠎ᠠ ᠳᠤ  ᠤᠷᠤᠯᠴᠠᠭᠰᠠᠨ ᠳᠤ ᠪᠠᠨ ᠲᠤᠶᠢᠯ ᠤᠨ ᠪᠠᠶᠠᠷᠲᠠᠢ ᠪᠠᠶᠢᠯ᠎ᠠ᠃       ᠶᠠ ᠨᠦᠸᠧ ᠤᠶᠢᠵᠢᠭᠤᠯᠤᠯᠲᠠ ᠶᠢᠨ ᠲᠠᠯᠠᠪᠠᠢ ᠶᠢᠨ ᠬᠠᠷᠢᠭᠤᠴᠠᠯᠭᠠᠲᠠᠨ ᠨᠢ ᠲᠢᠶᠧ ᠵᠢᠶᠦ᠋ᠨ ᠬᠡᠯᠡᠭᠰᠡᠨ ᠨᠢ᠄︽ᠲᠤᠰ ᠤᠳᠠᠭ᠎ᠠ ᠶᠢᠨ ᠰᠠᠶᠢᠨ  ᠪᠦᠲᠦᠭᠡᠭᠳᠡᠭᠦᠨ ᠢ ᠪᠡᠭᠡᠵᠢᠩ ᠳᠤ ᠣᠷᠣᠭᠤᠯᠬᠤ ᠠᠵᠢᠯᠯᠠᠭ᠎ᠠ ᠳᠤ᠂ ᠮᠢᠨᠤ ᠲᠠᠷᠢᠭᠰᠠᠨ ᠣᠷᠭᠠᠨᠢᠭ ᠠᠯᠮᠤᠷᠠᠳ ᠪᠣᠯᠣᠨ ᠣᠷᠭᠠᠨᠢᠭ ᠠᠯᠮᠤᠷᠠᠳ ᠢᠶᠠᠷ ᠨᠡᠷᠡᠭᠰᠡᠨ  ᠼᠤᠤ ᠶᠢ ᠰᠣᠩᠭᠤᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ᠂ ᠡᠨᠡ ᠨᠢ ᠮᠦᠨ ᠴᠦ ᠮᠢᠨᠤ ᠡᠯᠡᠰᠦ ᠶᠢ ᠵᠠᠰᠠᠵᠤ ᠣᠶᠢᠵᠢᠭᠤᠯᠤᠭᠰᠠᠨ ᠦᠷ᠎ᠡ ᠪᠦᠲᠦᠮᠵᠢ ᠶᠢ ᠨᠤᠲᠠᠯᠠᠭᠰᠠᠨ ᠶᠠᠪᠤᠳᠠᠯ ᠪᠣᠯᠣᠨ᠎ᠠ ᠭᠡᠵᠡᠢ᠃        ᠪᠤᠷᠤᠬᠤᠳᠠ ᠪᠠᠯᠭᠠᠰᠤᠨ ᠤ ᠡᠵᠢ ᠴᠠᠭᠠᠨ ᠢᠳᠡᠭᠡᠨ ᠤ ᠳᠡᠯᠭᠡᠭᠦᠷ ᠲᠤ᠂ ᠳᠡᠯᠭᠡᠭᠦᠷ ᠤᠨ ᠡᠵᠡᠨᠲᠡᠨ ᠵᠠᠩ ᠶᠠ ᠫᠢᠩ ᠲᠣᠰ ᠤᠳᠠᠭᠠᠨ ᠤ ᠪᠡᠭᠡᠵᠢᠩ ᠳᠤ ᠣᠷᠣᠵᠤ ᠳᠡᠯᠭᠡᠨ ᠪᠣᠷᠣᠯᠠᠭᠤᠯᠬᠤ ᠳᠤ 25 ᠵᠦᠢᠯ ᠤᠨ ᠪᠦᠲᠦᠭᠡᠭᠳᠡᠬᠦᠨ ᠪᠡᠯᠡᠳᠬᠡᠵᠦ᠂ ᠣᠩᠨᠢᠭᠤᠳ ᠴᠠᠭᠠᠨ ᠢᠳᠡᠭᠡᠨ ᠤ ᠤᠯᠠᠮᠵᠢᠯᠠᠯᠲᠤ ᠰᠣᠶᠣᠯ ᠢ ᠭᠠᠶᠢᠬᠠᠭᠤᠯᠤᠭᠰᠠᠨ ᠪᠠᠶᠢᠨ᠎ᠠ᠃ᠡᠵᠢ ᠴᠠᠭᠠᠨ ᠢᠳᠡᠭᠡᠨ ᠤ ᠳᠡᠯᠭᠡᠭᠦᠷ ᠤᠨ ᠡᠵᠡᠨᠲᠡᠨ ᠵᠠᠩ ᠶᠠ ᠫᠢᠩ  ᠬᠡᠯᠡᠭᠰᠡᠨ ᠨᠢ᠄ ︽ ᠮᠢᠨᠤ ᠪᠤᠢ ᠪᠦᠬᠦᠢ ᠪᠦᠲᠦᠭᠡᠭᠳᠡᠬᠦᠨ ᠪᠣᠯ ᠴᠤᠷ ᠤᠨ ᠭᠠᠭᠴᠠ ᠬᠡᠳᠦ ᠳᠡᠯᠭᠡᠭᠦᠷ ᠲᠤ ᠣᠷᠣᠵᠤ ᠪᠣᠯᠬᠤ ᠶᠠᠭᠤᠮ᠎ᠠ ᠶᠤᠮ᠂ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠴᠠᠭᠠᠨ ᠢᠳᠡᠭᠡᠨ ᠤ ᠰᠣᠶᠣᠯ ᠪᠣᠯᠣᠨ ᠴᠠᠭᠠᠨ ᠢᠳᠡᠭᠡᠨ ᠤ ᠪᠦᠲᠦᠭᠡᠭᠳᠡᠬᠦᠨ ᠢᠶᠠᠨ ᠨᠡᠩ ᠤᠯᠠᠨ ᠬᠥᠮᠥᠨ ᠳᠤ ᠲᠠᠨᠢᠯᠴᠠᠭᠤᠯᠤᠨ᠂ ᠨᠡᠩ ᠤᠯᠠᠨ ᠬᠦᠮᠥᠰ ᠲᠤ ᠠᠮᠤᠷ ᠲᠦᠪᠰᠢᠨ‌‍ᠪᠣᠬᠢᠷᠳᠤᠯ ᠦᠭᠡᠢ ᠢᠳᠡᠭᠡᠨ ᠢ   ᠡᠳ᠋ᠯᠡᠭᠦᠯᠥᠶ᠎ᠡ ᠭᠡᠵᠦ ᠪᠤᠳᠤᠵᠤ ᠪᠠᠶᠢᠨ᠎ᠠ ᠭᠡᠵᠡᠢ᠃       ᠲᠣᠰ ᠤᠳᠠᠭᠠᠨ ᠤ ᠠᠵᠢᠯᠯᠠᠭ᠎ᠠ ᠳᠤ᠂ ᠮᠠᠨ ᠤ  ᠬᠤᠰᠢᠭᠤ ᠦᠵᠡᠰᠬᠦᠯᠡᠩ ᠳᠤ ᠣᠷᠣᠯᠴᠠᠬᠤ 21 ᠠᠵᠤ ᠠᠬᠤᠶᠢᠯᠠᠯ ᠢ ᠨᠠᠷᠢᠯᠢᠭ ᠰᠣᠩᠭᠤᠵᠤ᠂ ᠨᠡᠶᠢᠲᠡ 120 ᠭᠠᠷᠤᠢ ᠲᠥᠷᠥᠯ ᠤᠨ ᠲᠥᠯᠥᠭᠡᠯᠡᠬᠦ ᠴᠢᠨᠠᠷᠲᠠᠢ ᠰᠢᠯᠢᠳᠡᠭ  ᠪᠦᠲᠦᠭᠡᠭᠳᠡᠬᠦᠨ ᠢ ᠪᠡᠭᠡᠵᠢᠩ ᠤᠨ ᠦᠵᠡᠰᠬᠦᠯᠡᠩ ᠤᠨ ᠣᠷᠳᠣᠨ ᠳᠤ ᠳᠡᠯᠭᠡᠨ ᠦᠵᠡᠭᠦᠯᠪᠡ᠃ ᠠᠵᠢᠯᠯᠠᠭᠠᠨ ᠢ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ᠂  ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ 11 ᠰᠠᠷ᠎ᠠ ᠶᠢᠨ 23 ᠠᠴᠠ 27  ᠤ ᠡᠳᠦᠷ ᠪᠣᠯᠲᠠᠯ᠎ᠠ ᠪᠡᠭᠡᠵᠢᠩ ᠤᠨ ᠦᠵᠡᠰᠬᠦᠯᠡᠩ ᠤᠨ ᠣᠷᠳᠣᠨ ᠳᠤ ᠶᠠᠪᠤᠭᠳᠠᠭᠤᠯᠵᠤ᠂ ᠮᠠᠯ ᠠᠵᠤ ᠠᠬᠤᠢ ᠲᠠᠷᠢᠶᠠᠯᠠᠩ ᠂ ᠰᠣᠶᠣᠯ ᠢᠷᠭᠡᠨᠰᠢᠯ ᠂ ᠠᠮᠲᠠᠲᠤ ᠢᠳᠡᠭᠡᠨ  ᠢ ᠪᠠᠭᠲᠠᠭᠠᠭᠰᠠᠨ ᠤᠯᠠᠭᠠᠨᠬᠠᠳᠠ ᠶᠢᠨ ᠰᠠᠶᠢᠨ ᠪᠦᠳᠦᠭᠡᠭᠳᠡᠭᠦᠨ ᠢ ᠪᠡᠭᠡᠵᠢᠩ ᠳᠤ ᠲᠡᠯᠭᠡᠨ ᠦᠵᠡᠭᠦᠯᠵᠦ᠂ ᠠᠷᠪᠠᠨ ᠭᠤᠷᠪᠠᠨ ᠲᠠᠯᠠᠪᠤᠷ ᠲᠠᠨᠢᠯᠴᠠᠭᠤᠯᠭ᠎ᠠ ᠶᠢᠨ ᠬᠤᠷᠠᠯ᠂ ᠲᠦᠷᠪᠡᠨ ᠶᠡᠭᠡ ᠪᠦᠲᠦᠭᠡᠯ ᠤᠨ ᠦᠵᠡᠰᠬᠦᠯᠡᠩ᠂ ᠲᠦᠷᠪᠡᠨ ᠶᠡᠭᠡ  ᠪᠤᠷᠤᠯᠠᠭᠤᠯᠭ᠎ᠠ ᠶᠢᠨ ᠲᠣᠭᠤᠷᠢᠭ ᠤᠨ ᠬᠡᠯᠪᠡᠷᠢ ᠪᠠᠷ ᠪᠡᠭᠡᠵᠢᠩ ᠬᠤᠳᠠ ᠶᠢᠨ ᠠᠷᠠᠳ ᠲᠤ  ᠳᠡᠯᠭᠡᠨ ᠦᠵᠡᠭᠦᠯᠬᠦ ᠶᠢᠨ ᠬᠠᠮᠳᠤ ᠤᠯᠠᠨ ᠵᠠᠭᠤᠴᠢᠯᠠᠭᠤᠷ ᠰᠦᠯᠵᠢᠶ᠎ᠡ ᠶᠢᠨ ᠰᠢᠭᠤᠳ ᠨᠡᠪᠲᠡᠷᠡᠭᠦᠯᠭᠡ ᠂  ᠬᠤᠰᠢᠭᠤ ᠰᠢᠶᠠᠨ ᠲᠣᠭᠤᠷᠢᠭ ᠤᠨ ᠲᠤᠰᠬᠠᠢ ᠲᠠᠯᠠᠪᠤᠷ ᠤᠨ ᠲᠠᠨᠢᠯᠴᠠᠭᠤᠯᠭ᠎ᠠ᠂ ᠤᠷᠠᠨ ᠰᠠᠶᠢᠬᠠᠨ ᠤ  ᠲᠣᠭᠯᠠᠯᠲᠠ ᠵᠡᠷᠭᠡ ᠠᠵᠢᠯᠯᠠᠭ᠎ᠠ ᠶᠢ ᠴᠦ ᠡᠷᠭᠢᠯᠡᠨ᠋ ᠶᠠᠪᠤᠭᠳᠠᠭᠤᠯᠬᠤ ᠪᠤᠯᠤᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号