| | ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠥᠭᠯᠡᠯ ᠤᠨ ᠵᠢᠶᠠ ᠵᠢᠶᠠ ᠺᠠᠩ ᠬᠢᠵᠠᠭᠠᠷᠲᠤ ᠺᠣᠮᠫᠠᠨᠢ | 2014 ᠣᠨ ᠳᠤ ᠣᠩᠨᠢᠭᠤᠳ ᠬᠤᠰᠢᠭᠤᠨ ᠳᠤ ᠪᠠᠶᠢᠭᠤᠯᠤᠭᠳᠠᠭᠰᠠᠨᠨ ᠠᠴᠠ ᠨᠠᠰᠢ᠂ ᠨᠡᠶᠢᠲᠡ 39.08 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠣᠷᠳᠣᠭᠠᠨ ᠦᠢᠯᠡᠳᠪᠦᠷᠢ᠂ ᠲᠡᠵᠢᠭᠡᠨ | ᠦᠷᠡᠵᠢᠭᠦᠯᠬᠦ ᠲᠠᠯᠠᠪᠠᠶ᠂ 100 ᠲᠦᠮᠡᠨ ᠭᠠᠭ᠋ᠠᠢ ᠨᠢᠲᠤᠯᠬᠤ ᠦᠢᠯᠡᠳᠪᠦᠷᠢ ᠵᠡᠷᠭᠡ ᠲᠥᠷᠥᠯ ᠵᠦᠢᠯ ᠢ ᠪᠦᠲᠦᠭᠡᠨ | ᠪᠠᠶᠢᠭᠤᠯᠵᠤ᠂ ᠠᠷᠠᠴᠢᠯᠠᠬᠤ᠂ ᠨᠢᠲᠤᠯᠬᠤ᠂ ᠬᠦᠯᠳᠡᠭᠡᠬᠦ᠂ ᠨᠠᠷᠢᠯᠢᠭ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ | ᠠᠵᠤ ᠦᠢᠯᠡᠰ ᠤᠨ ᠬᠡᠯᠬᠢᠶᠡᠵᠢᠯ ᠢ ᠪᠦᠷᠢᠯᠳᠦᠭᠦᠯᠵᠦ᠂ ᠭᠠᠭ᠋ᠠᠢ ᠲᠡᠵᠢᠭᠡᠬᠦ ᠠᠵᠤ ᠦᠢᠯᠡᠰ ᠤᠨ ᠬᠡᠪᠴᠢᠶᠡᠵᠢᠭᠰᠡᠨ᠂ | ᠪᠠᠷᠢᠮᠵᠢᠶᠠᠵᠢᠭᠰᠠᠨ᠂ ᠠᠵᠤ ᠦᠶᠢᠯᠡᠰᠵᠢᠭᠰᠡᠨ ᠬᠥᠭᠵᠢᠯᠲᠡ ᠶᠢ ᠬᠦᠴᠦᠲᠡᠢ ᠠᠬᠢᠭᠤᠯᠵᠤ ᠪᠠᠶᠢᠨ᠎ᠠ ᠃ | ᠵᠢᠶᠠ ᠵᠢᠶᠠ ᠺᠠᠩ ᠬᠢᠵᠠᠭᠠᠷᠲᠤ ᠺᠣᠮᠫᠠᠨᠢ ᠶᠢᠨ 100 ᠲᠦᠮᠡᠨ ᠭᠠᠭ᠋ᠠᠢ ᠨᠢᠲᠤᠯᠬᠤ ᠦᠢᠯᠡᠳᠪᠦᠷᠢ ᠳᠤ ᠬᠦᠷᠦᠭᠰᠡᠨ ᠳᠤ | ᠂ ᠠᠦ᠋ᠲ᠋ᠣᠴᠢᠯᠠᠭᠰᠠᠨ᠂ ᠮᠠᠰᠢᠨᠴᠢᠯᠠᠭᠰᠠᠨ ᠦᠢᠯᠡᠳᠪᠦᠷᠢᠯᠡᠯ ᠤᠨ ᠱᠤᠭᠤᠮ ᠥᠨᠳᠥᠷ ᠪᠦᠲᠦᠮᠵᠢᠲᠡᠶ ᠠᠵᠢᠯᠯᠠᠵᠤ᠂ | ᠤᠬᠢᠶᠠᠵᠤ ᠴᠡᠪᠡᠷᠯᠡᠬᠦ᠂ ᠵᠤᠯᠮᠠᠭᠠᠵᠤ ᠠᠷᠢᠯᠭᠠᠬᠤ᠂᠂ ᠬᠥᠮᠥᠷᠭᠡ ᠳᠤ ᠣᠷᠣᠭᠤᠯᠵᠤ ᠲᠡᠷᠭᠡᠨ ᠳᠤ ᠲᠡᠭᠡᠭᠡᠬᠦ ᠵᠡᠷᠭᠡ | ᠠᠵᠢᠯ ᠤᠳ ᠡᠮᠬᠢ ᠴᠡᠭᠴᠡ ᠲᠠᠢ ᠶᠠᠪᠤᠭᠳᠠᠵᠤ ᠪᠠᠶᠢᠯ᠎ᠠ᠃ | ᠵᠢᠶᠠ ᠵᠢᠶᠠ ᠺᠠᠩ ᠬᠢᠵᠠᠭᠠᠷᠲᠤ ᠺᠣᠮᠫᠠᠨᠢ ᠶᠢᠨ ᠶᠡᠷᠦᠩᠬᠡᠢ ᠬᠠᠮᠢᠶᠠᠷᠤᠯᠲᠠ ᠶᠢᠨ ᠬᠡᠯᠲᠡᠰ ᠤᠨ ᠳᠠᠭᠠᠭᠠᠮᠠᠯ ᠯᠢ | ᠨᠠᠨ ᠬᠡᠯᠡᠭᠰᠡᠨ ᠨᠢ ᠵᠢᠶᠠ ᠵᠢᠶᠠ ᠺᠠᠩ ᠬᠢᠵᠠᠭᠠᠷᠲᠤ ᠺᠣᠮᠫᠠᠨᠢ ᠶᠢᠨ ᠣᠩᠨᠢᠭᠤᠳ ᠬᠤᠰᠢᠭᠤᠨ ᠳᠠᠬᠢ ᠬᠤᠪᠢᠶᠠᠷᠢ | ᠺᠣᠮᠫᠠᠨᠢ 2020 ᠣᠨ ᠤ 3 ᠰᠠᠷ᠎ᠠ ᠶᠢᠨ 30 ᠤ ᠡᠳᠦᠷ ᠪᠠᠶᠢᠭᠤᠯᠤᠭᠳᠠᠵᠤ᠂ 2022 ᠣᠨ ᠤ 8 ᠰᠠᠷ᠎ᠠ ᠶᠢᠨ | 28 ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠪᠠ᠂ ᠤᠳᠤᠬᠠᠨ ᠪᠣᠯᠲᠠᠯ᠎ᠠ ᠵᠢᠷᠠᠨ ᠲᠦᠮᠡᠨ ᠲᠣᠯᠣᠭᠠᠢ ᠭᠠᠭ᠋ᠠᠢ | ᠨᠢᠳᠤᠯᠵᠤ᠂ 220 ᠲᠦᠮᠡᠨ ᠲᠦᠭᠦᠷᠢᠭ ᠤᠨᠠᠰᠢᠭ ᠭᠠᠶᠢᠯᠢ ᠶᠢ ᠡᠭᠦᠳᠴᠦ᠂ 297 ᠬᠥᠮᠥᠨ ᠳᠤ ᠠᠵᠢᠯ ᠤᠨ | ᠪᠠᠶᠢᠷᠢ ᠬᠠᠩᠭᠠᠭᠰᠠᠨ ᠪᠠᠶᠢᠨ᠎ᠠ ᠭᠡᠵᠡᠢ᠃ | ᠲᠡᠵᠢᠭᠡᠯ ᠪᠣᠷᠳᠤᠭ᠎ᠠ ᠪᠣᠯ ᠲᠡᠵᠢᠭᠡᠨ ᠦᠷᠡᠵᠢᠭᠦᠯᠬᠦ ᠦᠢᠯᠡᠰ ᠤᠨ ᠰᠠᠭᠤᠷᠢ ᠮᠥᠨ᠃ 2017 ᠣᠨ ᠠᠴᠠ | ᠨᠠᠰᠢ᠂ᠵᠢᠶᠠ ᠵᠢᠶᠠ ᠺᠠᠩ ᠬᠢᠵᠠᠭᠠᠷᠲᠤ ᠺᠣᠮᠫᠠᠨᠢ ᠮᠠᠨ ᠤ ᠬᠤᠰᠢᠭᠤᠨ ᠳᠤ ᠤᠷᠢᠳ ᠬᠤᠵᠢᠳ 2 ᠰᠠᠭᠤᠷᠢ ᠲᠡᠵᠢᠭᠡᠯ | ᠪᠣᠷᠳᠣᠭᠠᠨ ᠤ ᠦᠢᠯᠡᠳᠪᠦᠷᠢ ᠪᠠᠶᠢᠭᠤᠯᠵᠤ᠂ ᠲᠡᠵᠢᠭᠡᠯ ᠪᠣᠷᠳᠤᠭ᠎ᠠ ᠶᠢᠨ ᠪᠠᠷᠢᠮᠵᠢᠶᠠᠵᠢᠭᠰᠠᠨ᠂ ᠪᠥᠭᠡᠮ ᠢᠶᠠᠷ | ᠦᠢᠯᠡᠳᠪᠦᠷᠢᠯᠡᠬᠦ ᠶᠢ ᠪᠡᠶᠡᠯᠡᠭᠦᠯᠵᠦ᠂ ᠲᠤᠰ ᠺᠣᠮᠫᠠᠨᠢ ᠶᠢᠨ ᠮᠠᠨ ᠤ ᠬᠤᠰᠢᠭᠤᠨ ᠳᠠᠬᠢ ᠭᠠᠭ᠋ᠠᠢ ᠲᠡᠵᠢᠭᠡᠬᠦ ᠣᠯᠠᠨ | ᠲᠥᠷᠥᠯ ᠵᠦᠢᠯ ᠤᠨ ᠬᠡᠪᠴᠢᠶᠡᠵᠢᠯᠲᠡ᠂ ᠣᠳᠣᠬᠢᠴᠢᠯᠠᠯᠲᠠ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃ | ᠵᠢᠶᠠ ᠵᠢᠶᠠ ᠺᠠᠩ ᠬᠢᠵᠠᠭᠠᠷᠲᠤ ᠺᠣᠮᠫᠠᠨᠢ ᠶᠢᠨ ᠲᠡᠵᠢᠭᠡᠯ ᠪᠣᠷᠳᠣᠭᠠᠨ ᠤ ᠦᠢᠯᠡᠳᠪᠦᠷᠢ ᠶᠢᠨ ᠳᠠᠷᠤᠭ᠎ᠠ ᠸᠠᠩ | ᠵᠢᠶᠧ ᠬᠡᠯᠡᠭᠰᠡᠨ ᠨᠢ᠄2017 ᠣᠨ ᠳᠤ ᠪᠠᠶᠢᠭᠤᠯᠤᠭᠰᠠᠨ ᠲᠡᠵᠢᠭᠡᠯ ᠪᠣᠷᠳᠤᠭ᠎ᠠ ᠶᠢᠨ ᠨᠢᠭᠡᠳᠦᠭᠡᠷ ᠦᠢᠯᠡᠳᠪᠦᠷᠢ 18 | ᠲᠦᠮᠡᠨ ᠲᠣᠨ ᠤ ᠦᠢᠯᠡᠳᠪᠦᠷᠢᠯᠡᠯ ᠤᠨ ᠴᠢᠳᠠᠪᠬᠢ ᠲᠠᠢ᠂ 2021 ᠣᠨ ᠳᠤ ᠪᠠᠶᠢᠭᠤᠯᠤᠭᠰᠠᠨ ᠬᠤᠶᠠᠳᠤᠭᠠᠷ | ᠦᠢᠯᠡᠳᠪᠦᠷᠢ 32 ᠲᠦᠮᠡᠨ ᠲᠣᠨ ᠤ ᠦᠢᠯᠡᠳᠪᠦᠷᠢᠯᠡᠯ ᠤᠨ ᠴᠢᠳᠠᠪᠬᠢ ᠲᠠᠢ ᠪᠠᠶᠢᠵᠤ᠂ ᠨᠡᠶᠢᠲᠡ 2.3 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠤᠨ᠂ ᠵᠢᠯ ᠪᠦᠷᠢ ᠲᠤᠬᠠᠢ ᠶᠢᠨ ᠭᠠᠵᠠᠷ ᠤᠨ ᠡᠷᠳᠡᠨᠢ ᠰᠢᠰᠢ ᠶᠢ 35 ᠲᠦᠮᠡᠨ ᠲᠣᠨ | ᠬᠡᠷᠡᠭᠯᠡᠵᠦ᠂ ᠲᠤᠬᠠᠢ ᠶᠢᠨ ᠭᠠᠵᠠᠷ ᠤᠨ ᠠᠮᠤ ᠪᠤᠳᠠᠭ᠎ᠠ ᠬᠤᠳᠠᠯᠳᠤᠬᠤ ᠳᠤ ᠬᠦᠴᠢᠷᠲᠡᠢ ᠠᠰᠠᠭᠤᠳᠠᠯ ᠢ | ᠰᠢᠢᠳᠪᠦᠷᠢᠯᠡᠭᠰᠡᠨ ᠢᠶᠠᠷ ᠪᠠᠷᠠᠬᠤ ᠦᠭᠡᠢ 120 ᠬᠥᠮᠥᠨ ᠳᠤ ᠠᠵᠢᠯ ᠤᠯᠭᠤᠭᠰᠠᠨ ᠪᠠᠶᠢᠨ᠎ᠠ ᠭᠡᠵᠡᠢ᠃ | ᠣᠯᠠᠨ ᠵᠢᠯ ᠤᠨ ᠲᠤᠷᠰᠢ᠂ ᠵᠢᠶᠠ ᠵᠢᠶᠠ ᠺᠠᠩ ᠬᠢᠵᠠᠭᠠᠷᠲᠤ ᠺᠣᠮᠫᠠᠨᠢ ᠮᠠᠨ ᠤ ᠬᠤᠰᠢᠭᠤᠨ ᠤ ᠪᠤᠷᠤᠬᠤᠲᠠ | ᠪᠠᠯᠭᠠᠰᠤ᠂ ᠬᠠᠶᠢᠯᠠᠰᠤ ᠪᠠᠯᠭᠠᠰᠤ᠂ ᠦᠳᠡ ᠶᠢᠨ ᠬᠤᠸᠠ ᠪᠠᠯᠭᠠᠰᠤ ᠵᠡᠷᠭᠡ ᠭᠠᠵᠠᠷ ᠤᠳ ᠲᠤ 26 ᠲᠣᠮᠣ | ᠬᠡᠯᠪᠡᠷᠢ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ 50 ᠬᠤᠷᠰᠢᠶᠠᠵᠢᠯ ᠪᠠᠶᠢᠭᠤᠯᠤᠭᠰᠠᠨ ᠪᠠᠶᠢᠨ᠎ᠠ᠃ ᠠᠵᠤ | ᠦᠢᠯᠡᠰ ᠤᠨ ᠬᠡᠯᠬᠢᠶ᠎ᠡ ᠶᠢᠨ ᠲᠠᠰᠤᠷᠠᠯᠲᠠ ᠦᠭᠡᠢ ᠤᠷᠲᠤᠰᠬᠤ ᠶᠢ ᠳᠠᠭᠠᠯᠳᠤᠨ᠂ ᠮᠠᠨ ᠤ ᠬᠤᠰᠢᠭᠤᠨ ᠤ ᠡᠳ᠋ ᠤᠨ | ᠵᠠᠰᠠᠭ ᠤᠨ ᠣᠷᠣᠯᠭ᠎ᠠ᠂ ᠠᠵᠢᠯ ᠣᠯᠭᠤᠯᠲᠠ ᠳᠤ ᠬᠥᠳᠡᠯᠭᠡᠭᠴᠢ ᠬᠦᠴᠦᠨ ᠬᠠᠩᠭᠠᠭᠰᠠᠨ ᠤ ᠬᠠᠮᠲᠤ ᠪᠥᠬᠦ | ᠬᠤᠰᠢᠭᠤᠨ ᠤ ᠠᠮᠤ ᠪᠤᠳᠠᠭ᠎ᠠ ᠳᠠᠷᠢᠬᠤ᠂ ᠬᠥᠮᠥᠷᠭᠡᠯᠡᠨ ᠬᠠᠳᠠᠭᠠᠯᠠᠬᠤ᠂ ᠡᠳ᠋ᠰᠢᠭᠦᠯᠬᠦ᠂ ᠪᠣᠭᠤᠳᠠᠯᠯᠠᠬᠤ᠂ ᠪᠠᠷᠠᠭᠠᠨ ᠤ | ᠭᠦᠢᠯᠭᠡᠭᠡ ᠵᠡᠷᠭᠡ ᠬᠠᠮᠢᠶ᠎ᠠ ᠪᠦᠬᠦᠢ ᠠᠵᠤ ᠦᠢᠯᠡᠰ ᠤᠨ ᠬᠠᠮᠲᠤ ᠶᠢᠨ ᠬᠥᠭᠵᠢᠯᠲᠡ ᠶᠢ ᠳᠠᠶᠢᠴᠢᠯᠠᠭᠰᠠᠨ ᠪᠠᠶᠢᠨ᠎ᠠ᠃ | ᠵᠢᠶᠠ ᠵᠢᠶᠠ ᠺᠠᠩ ᠬᠢᠵᠠᠭᠠᠷᠲᠤ ᠺᠣᠮᠫᠠᠨᠢ ᠶᠢᠨ ᠫᠤ ᠵᠢᠶᠦ᠋ᠨ ᠬᠡᠯᠡᠭᠰᠡᠨ ᠨᠢ᠄ ᠵᠢᠶᠠ ᠵᠢᠶᠠ ᠺᠠᠩ ᠺᠣᠮᠫᠠᠨᠢ ᠨᠢ | ᠣᠳᠣᠬᠠᠨ ᠳᠤ ᠵᠢᠯ ᠳᠤ 145 ᠲᠦᠮᠡᠨ ᠭᠠᠭ᠋ᠠᠢ ᠪᠣᠷᠣᠯᠠᠭᠤᠯᠬᠤ᠂ 50 ᠲᠦᠮᠡᠨ ᠲᠣᠨ ᠲᠡᠵᠢᠭᠡᠯ ᠪᠣᠷᠳᠤᠭ᠎ᠠ | ᠪᠣᠯᠪᠠᠰᠤᠷᠠᠭᠤᠯᠬᠤ᠂ 100 ᠲᠦᠮᠡᠨ ᠭᠠᠭ᠋ᠠᠢ ᠨᠢᠲᠤᠯᠬᠤ ᠦᠢᠯᠡᠳᠪᠦᠷᠢᠯᠡᠯ ᠤᠨ ᠴᠢᠳᠠᠪᠬᠢ ᠲᠠᠢ ᠪᠣᠯᠵᠤ᠂1000 | ᠭᠠᠷᠤᠢ ᠲᠦᠮᠡᠨ ᠲᠥᠭᠦᠷᠢᠭ ᠤᠨ ᠠᠰᠢᠭ ᠭᠠᠶᠢᠯᠢ ᠡᠭᠦᠳᠴᠦ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ | ᠦᠢᠯᠡᠳᠪᠦᠷᠢᠯᠡᠯ ᠤᠨ ᠴᠢᠳᠠᠪᠬᠢ ᠪᠠᠨ ᠦᠷᠭᠦᠯᠵᠢᠯᠡᠨ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠪᠠᠨ | ᠤᠷᠲᠤᠳᠬᠠᠨ᠂ ᠣᠩᠨᠢᠭᠤᠳ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ | ᠭᠡᠵᠡᠢ᠃ | | | | |