| 11 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠤᠨ | 《 ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ 》 ᠲᠤᠰᠬᠠᠶ | ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ ᠃ ᠮᠥᠩᠬᠡ᠂ ᠬᠥᠭᠵᠢᠯᠲᠦ᠂ ᠰᠦᠨ ᠮᠢᠩ ᠲᠤᠤ᠂ | ᠾᠧᠦ ᠭᠦᠸᠧ ᠵᠢᠩ᠂ ᠭᠤᠤ ᠶᠦᠩᠡᠤ᠂ ᠵᠦ ᠴᠦᠨ ᠶᠦᠩ ᠵᠡᠷᠭᠡ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠥᠬᠦ ᠬᠤᠰᠢᠭᠤᠨ | ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ᠂ ᠠᠵᠠ ᠲᠣᠬᠢᠶᠠᠯ ᠪᠣᠯᠤᠨ ᠥᠷᠢᠰᠥᠯᠳᠦᠭᠡᠨ ᠢ ᠭᠦᠨᠵᠡᠭᠡᠶ | ᠲᠠᠨᠢᠵᠤ᠂ ᠮᠠᠨ ᠤ ᠬᠤᠰᠢᠭᠤᠨ ᠤ ᠣᠷᠣᠨ ᠪᠠᠶᠢᠷᠢ᠂ ᠲᠥᠷᠥ ᠶᠢᠨ ᠪᠣᠳᠣᠯᠭ᠎ᠠ᠂ ᠠᠵᠤ ᠦᠶᠯᠡᠰ᠂ ᠡᠬᠢ ᠪᠠᠶᠠᠯᠢᠭ | ᠵᠡᠷᠭᠡ ᠲᠠᠯ᠎ᠠ ᠶᠢᠨ ᠳᠠᠪᠠᠭᠤᠯᠢᠭ ᠲᠠᠭᠠᠨ ᠲᠦᠰᠢᠭᠯᠡᠨ᠂ ᠮᠠᠨ ᠤ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ | ᠪᠣᠯᠤᠨ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢᠨ ᠤᠶᠠᠯᠳᠤᠯ ᠤᠨ ᠴᠡᠭ ᠢ ᠣᠨᠢᠯᠠᠵᠤ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠰᠡᠳᠬᠢᠴᠡ ᠪᠠᠨ ᠰᠢᠨᠡᠴᠢᠯᠡᠵᠦ᠂ ᠰᠠᠨᠠᠭᠠᠴᠢᠯᠠᠭ᠎ᠠ | ᠠᠴᠠ ᠪᠠᠨ ᠠᠵᠢᠯᠯᠠᠵᠤ᠂ ᠰᠢᠨ᠎ᠡ ᠶᠢ ᠡᠭᠦᠳᠬᠦ ᠶᠢ ᠠᠳᠬᠤᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠲᠣᠬᠢᠷᠠᠭᠤᠯᠬᠤ᠂ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠢ ᠵᠣᠷᠢᠭᠲᠠᠶ ᠨᠡᠭᠡᠭᠡᠵᠦ᠂ | ᠲᠤᠰ ᠪᠡᠶ᠎ᠡ ᠶᠢᠨ ᠳᠠᠪᠠᠭᠤᠯᠢᠭ ᠢᠶᠠᠨ ᠦᠨᠡᠨᠬᠦ ᠬᠥᠭᠵᠢᠯᠲᠡ ᠶᠢᠨ ᠬᠥᠳᠡᠯᠭᠡᠭᠴᠢ ᠡᠨᠧᠷᠭᠢ ᠪᠣᠯᠭᠠᠨ ᠬᠤᠪᠢᠷᠠᠭᠤᠯᠬᠤ | ᠪᠠᠷ ᠴᠢᠷᠮᠠᠶᠢᠬᠤ ᠬᠡᠷᠡᠭᠲᠡᠶ ᠭᠡᠪᠡ ᠃ | ᠬᠤᠷᠠᠯ ᠠᠴᠠ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠲᠡᠷᠢᠭᠦᠨ ᠤ ᠭᠠᠵᠠᠷ ᠣᠷᠣᠨ ᠢᠶᠠᠷ ᠪᠠᠷᠢᠮᠵᠢᠶᠠᠯᠠᠵᠤ᠂ ᠠᠮᠵᠢᠯᠲᠠ ᠲᠠᠢ ᠲᠤᠷᠰᠢᠯᠭ᠎ᠠ ᠶᠢ | ᠰᠤᠷᠤᠯᠴᠠᠵᠤ᠂ ᠵᠣᠷᠢᠭᠲᠠᠶ ᠪᠠᠷ ᠬᠢᠲᠤᠭ᠎ᠠ ᠶᠢᠨ ᠢᠷ ᠢ ᠳᠣᠲᠣᠭᠰᠢ ᠬᠠᠨᠳᠤᠭᠤᠯᠵᠤ᠂ ᠥᠪᠡᠷ ᠢ ᠪᠠᠨ ᠵᠠᠳᠠᠯᠬᠤ | ᠳᠠᠭᠠᠨ ᠴᠢᠳᠠᠮᠠᠭᠠᠶ ᠪᠠᠶᠢᠵᠤ᠂ ᠬᠥᠭᠵᠢᠯᠲᠡ ᠶᠢᠨ ᠶᠠᠪᠤᠴᠠ ᠳᠠᠬᠢ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ | ᠣᠨᠣᠪᠴᠢᠲᠠᠶ ᠡᠷᠢᠵᠦ ᠭᠦᠶᠴᠡᠳ ᠨᠥᠬᠦᠪᠥᠷᠢᠯᠡᠬᠦ ᠬᠡᠷᠡᠭᠲᠡᠶ ᠭᠡᠪᠡ ᠃ | ᠬᠤᠷᠠᠯ ᠠᠴᠠ ᠴᠢᠬᠤᠯᠠᠴᠢᠯᠠᠭᠰᠠᠨ ᠨᠢ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ | ᠪᠣᠯᠭᠠᠬᠤ ᠬᠡᠷᠡᠭᠲᠡᠶ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠬᠠᠢ ᠣᠶᠢᠯᠠᠭᠠᠯᠲᠠ ᠡᠵᠡᠮᠰᠢᠯ ᠢ ᠤᠯᠠᠮ ᠴᠢᠨᠠᠭᠰᠢᠳᠠ | ᠭᠦᠨᠵᠡᠭᠡᠷᠷᠡᠭᠦᠯᠦᠨ᠂ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ | ᠬᠡᠷᠡᠭᠲᠡᠶ᠂ ᠠᠷᠠᠳ ᠢ ᠪᠠᠶᠠᠵᠢᠭᠤᠯᠵᠤ ᠬᠤᠰᠢᠭᠤ ᠪᠠᠨ ᠬᠦᠴᠦᠷᠬᠡᠭᠵᠢᠭᠦᠯᠬᠦ ᠪᠠᠷ ᠬᠠᠷᠠᠯᠲᠠ ᠪᠣᠯᠭᠠᠬᠤ᠂ ᠠᠵᠤ ᠠᠬᠤᠶ | ᠶᠢᠨ ᠬᠥᠭᠵᠢᠯᠲᠡ ᠶᠢ ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠬᠤ᠂ 《 ᠵᠡᠭᠦᠨ ᠬᠡᠰᠡᠭ ᠤᠨ ᠡᠯᠡᠰᠦ ᠶᠢ | ᠵᠠᠰᠠᠬᠤ᠂ ᠪᠠᠷᠠᠭᠤᠨ ᠣᠷᠣᠨ ᠤ ᠬᠦᠷᠦᠰᠦ ᠶᠢ ᠵᠠᠰᠠᠬᠤ᠂ ᠳᠤᠮᠳᠠ ᠬᠡᠰᠡᠭ ᠤᠨ ᠬᠦᠷᠢᠶᠡᠯᠡᠩ ᠢ ᠠᠳᠬᠤᠬᠤ᠂ ᠪᠦᠬᠦ | ᠴᠠᠷᠠᠭᠠᠨ ᠳᠤ ᠵᠢᠭᠤᠯᠴᠢᠯᠠᠯ ᠡᠷᠬᠢᠯᠡᠬᠦ 》 ᠬᠥᠭᠵᠢᠯᠲᠡ ᠶᠢᠨ ᠰᠡᠳᠬᠢᠴᠡ᠂ 《 ᠲᠥᠷᠥᠯ ᠵᠦᠶᠯ ᠢᠶᠠᠷ ᠭᠤᠤᠯ | ᠪᠣᠯᠭᠠᠬᠤ ᠶᠢ ᠪᠠᠷᠢᠮᠲᠠᠯᠠᠬᠤ᠂ ᠠᠷᠠᠯᠵᠢᠶᠠᠴᠢᠨ ᠤᠷᠢᠬᠤ ᠶᠢ ᠴᠢᠬᠤᠯᠠᠴᠢᠯᠠᠬᠤ᠂ ᠣᠷᠴᠢᠨ ᠠᠬᠤᠶ ᠪᠠᠷ ᠦᠨᠳᠦᠰᠦ | ᠪᠣᠯᠭᠠᠬᠤ 》᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠡᠬᠢᠯᠡᠭᠦᠯᠬᠦ᠂ ᠠᠷᠠᠯᠵᠢᠶᠠᠴᠢᠨ ᠤᠷᠢᠬᠤ ᠶᠢ | ᠠᠳᠬᠤᠬᠤ᠂ ᠨᠢᠭᠡᠳᠦᠭᠡᠷ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠬᠦᠴᠦᠷᠭᠡᠭᠵᠢᠭᠦᠯᠵᠦ᠂ ᠬᠤᠶᠠᠳᠤᠭᠠᠷ ᠠᠵᠤ | ᠦᠢᠯᠡᠰ ᠢ ᠪᠤᠵᠠᠭᠠᠶᠢᠷᠠᠭᠤᠯᠬᠤ᠂ ᠭᠤᠷᠪᠠᠳᠤᠭᠠᠷ ᠠᠵᠤ ᠦᠢᠯᠡᠰ ᠢ ᠬᠥᠭᠵᠢᠭᠦᠯᠬᠦ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ ᠶᠢ ᠡᠷᠡᠰ ᠭᠤᠶᠢᠪᠢᠰᠢ ᠦᠭᠡᠢ ᠪᠠᠷᠢᠮᠳᠠᠯᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠶᠢ ᠪᠠᠷᠢᠮᠳᠠᠯᠠᠬᠤ ᠬᠡᠷᠡᠭᠲᠡᠢ ᠭᠡᠪᠡ᠃ | ᠬᠤᠷᠠᠯ ᠠᠴᠠ ᠪᠠᠰᠠ ᠬᠤᠰᠢᠭᠤ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠠᠵᠢᠯ ᠤᠨ | ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ ᠃ | | |