| | 11 ᠰᠠᠷ᠎ᠠ ᠶᠢᠨ 6 ᠤ ᠡᠳᠦᠷ᠂ ᠬᠡᠷᠰᠡᠩ ᠮᠠᠯ ᠡᠮᠨᠡᠯᠭᠡ ᠶᠢᠨ ᠲᠥᠪ ᠵᠢᠴᠢ ᠰᠤᠷᠭᠠᠭᠤᠯᠢ ᠣᠷᠣᠨ ᠨᠤᠲᠤᠭ | ᠤᠨ ᠬᠠᠮᠲᠤᠷᠠᠯᠴᠠᠭᠠᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠫᠠᠶᠢᠰᠠ ᠡᠯᠭᠦᠨ ᠪᠠᠶᠢᠭᠤᠯᠤᠭᠳᠠᠵᠤ᠂ ᠮᠠᠨ ᠤ | ᠬᠤᠰᠢᠭᠤᠨ ᠤ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠢᠳᠡᠷᠡᠭᠦᠨ ᠠᠯᠬᠤᠭ᠎ᠠ ᠶᠢ ᠠᠯᠬᠤᠭᠰᠠᠨ ᠢ ᠬᠠᠷᠠᠭᠤᠯᠵᠤ᠂ ᠲᠠᠷᠢᠶᠠᠯᠠᠩ ᠮᠠᠯ ᠠᠵᠤ | ᠠᠬᠤᠶ ᠶᠢᠨ ᠦᠶᠯᠡᠳᠪᠦᠷᠢᠯᠡᠯ ᠤᠨ ᠠᠷᠭ᠎ᠠ ᠬᠡᠯᠪᠡᠷᠢ ᠶᠢ ᠬᠤᠪᠢᠷᠠᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ | ᠲᠠᠢ ᠶᠤᠮ ᠃ | ᠬᠡᠷᠰᠡᠩ ᠮᠠᠯ ᠡᠮᠨᠡᠯᠭᠡ ᠶᠢᠨ ᠲᠥᠪ ᠨᠢ ᠬᠡᠷᠰᠡᠩ ᠰᠤᠮᠤ ᠶᠢᠨ ᠡᠩᠭᠡᠷ ᠭᠠᠴᠠᠭ᠎ᠠ ᠳᠤ ᠪᠠᠶᠢᠷᠢᠯᠠᠵᠤ᠂ | ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 350 ᠲᠦᠮᠡᠨ ᠲᠥᠭᠦᠷᠢᠭ ᠪᠠᠶᠢᠵᠤ᠂ ᠪᠦᠲᠦᠭᠡᠨ ᠪᠠᠶᠢᠭᠤᠯᠤᠯᠲᠠ ᠶᠢᠨ | ᠲᠠᠯᠠᠪᠠᠢ ᠨᠢ 600 ᠲᠡᠭᠰᠢ ᠳᠥᠷᠪᠡᠯᠵᠢᠨ ᠮᠧᠲᠷ ᠪᠠᠶᠢᠵᠤ᠂ 2023 ᠣᠨ ᠤ 4 ᠰᠠᠷ᠎ᠠ ᠳᠤ ᠪᠠᠷᠢᠯᠭ᠎ᠠ ᠡᠬᠢᠯᠡᠵᠦ᠂ | 10 ᠰᠠᠷ᠎ᠠ ᠶᠢᠨ ᠡᠬᠢ ᠪᠠᠷ ᠲᠤᠷᠰᠢᠨ ᠠᠵᠢᠯᠯᠠᠭᠤᠯᠵᠤ ᠡᠬᠢᠯᠡᠪᠡ ᠃ ᠲᠣᠰ ᠲᠥᠪ ᠣᠩᠨᠢᠭᠤᠳ ᠬᠤᠰᠢᠭᠤᠨ ᠤ | ᠵᠡᠭᠦᠨ ᠬᠡᠰᠡᠭ ᠤᠨ ᠮᠠᠯᠵᠢᠬᠤ ᠣᠷᠣᠨ ᠤ ᠲᠠᠯᠠᠪᠠᠶ ᠪᠠᠷ ᠬᠠᠮᠤᠭ ᠤᠨ ᠶᠡᠭᠡ᠂ ᠦᠶᠯᠡᠴᠢᠯᠡᠭᠡ ᠨᠢ ᠬᠠᠮᠤᠭ ᠤᠨ | ᠵᠢᠷᠤᠮᠵᠢᠭᠤᠨ᠂ ᠬᠠᠮᠤᠭ ᠤᠨ ᠥᠪᠡᠷᠮᠢᠴᠡ ᠣᠨᠴᠠᠯᠢᠭ ᠲᠠᠢ ᠠᠮᠢᠲᠠᠨ ᠢ ᠣᠨᠣᠰᠢᠯᠠᠨ ᠡᠮᠨᠡᠬᠦ ᠲᠥᠪ ᠢ ᠡᠭᠦᠳᠦᠨ | ᠪᠠᠶᠢᠭᠤᠯᠬᠤ ᠪᠠᠷ ᠴᠢᠷᠮᠠᠶᠢᠵᠤ᠂ ᠲᠡᠵᠢᠭᠡᠨ ᠦᠷᠡᠵᠢᠭᠦᠯᠬᠦ ᠡᠷᠦᠬᠡ ᠳᠤ ᠠᠮᠢᠲᠠᠨ ᠤ ᠡᠪᠡᠳᠴᠢᠨ ᠡᠮᠭᠡᠭ ᠢ ᠣᠨᠣᠰᠢᠯᠠᠨ | ᠵᠠᠰᠠᠬᠤ᠂ ᠠᠮᠢᠳᠤ ᠪᠣᠳᠠᠰ ᠤᠨ ᠬᠢᠮᠢ ᠶᠢᠨ ᠪᠠᠶᠢᠴᠠᠭᠠᠯᠲᠠ ᠬᠢᠬᠦ᠂ ᠮᠡᠷᠭᠡᠵᠢᠯ ᠤᠨ ᠵᠢᠯᠣᠭᠤᠳᠣᠯᠭ᠎ᠠ ᠬᠢᠬᠦ ᠵᠡᠷᠭᠡ ᠣᠯᠠᠨ | ᠵᠦᠶᠯ ᠤᠨ ᠦᠶᠯᠡᠴᠢᠯᠡᠭᠡ ᠬᠠᠩᠭᠠᠨ᠎ᠠ ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠷᠢᠨᠴᠢᠨᠳᠠᠷᠮᠠ᠄ ᠣᠶᠢᠷ᠎ᠠ ᠶᠢᠨ ᠬᠡᠳᠦᠨ ᠵᠢᠯ | ᠳᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠮᠠᠰᠢ ᠲᠦᠷᠭᠡᠨ ᠢᠶᠠᠷ ᠶᠡᠭᠡ ᠬᠡᠮᠵᠢᠶ᠎ᠡ ᠪᠠᠷ | ᠭᠠᠳᠠᠷ ᠣᠷᠣᠨ ᠤ ᠡᠭᠦᠯᠳᠡᠷ ᠢ ᠣᠷᠣᠭᠤᠯᠤᠨ ᠠᠪᠴᠢᠷᠠᠪᠠ ᠃ ᠭᠠᠳᠠᠨ᠎ᠠ ᠠᠴᠠ ᠣᠷᠣᠭᠤᠯᠤᠭᠰᠠᠨ ᠮᠠᠯ ᠤᠨᠤᠭ᠎ᠠ | ᠲᠤᠬᠠᠶ ᠶᠢᠨ ᠭᠠᠵᠠᠷ ᠤᠨ ᠣᠷᠴᠢᠨ ᠲᠣᠭᠤᠷᠢᠨ ᠳᠤ ᠵᠣᠬᠢᠴᠠᠬᠤ ᠦᠭᠡᠢ᠂ ᠠᠮᠠᠷᠬᠠᠨ ᠡᠪᠡᠳᠴᠢᠯᠡᠳᠡᠭ ᠪᠥᠭᠡᠳ ᠲᠤᠬᠠᠶ | ᠶᠢᠨ ᠭᠠᠵᠠᠷ ᠤᠨ ᠮᠠᠯ ᠤᠨ ᠡᠮᠴᠢ ᠬᠦᠨᠳᠦ ᠨᠣᠴᠢᠲᠠᠶ ᠳᠤᠲᠠᠭᠳᠠᠵᠤ᠂ ᠮᠠᠯ ᠡᠮᠨᠡᠯᠭᠡ ᠶᠢᠨ ᠲᠥᠪ ᠲᠥᠪ | ᠪᠠᠶᠢᠭᠤᠯᠤᠭᠳᠠᠭᠰᠠᠨ ᠤ ᠳᠠᠷᠠᠭ᠎ᠠ᠂ ᠡᠨᠡ ᠬᠦ ᠬᠤᠭᠤᠰᠣᠨ ᠢ ᠨᠥᠬᠦᠪᠥᠷᠢᠯᠡᠵᠡᠶ ᠃ | ᠬᠡᠷᠰᠡᠩ ᠰᠤᠮᠤ ᠶᠢᠨ ᠮᠠᠯ ᠤᠨ ᠡᠮᠴᠢ ᠬᠠᠰᠪᠠᠲᠤ᠄ ᠣᠳᠣᠬᠠᠨ ᠳᠤ ᠣᠨᠣᠰᠢᠯᠠᠨ ᠡᠮᠨᠡᠬᠦ ᠲᠥᠪ | ᠪᠠᠶᠢᠭᠤᠯᠤᠭᠳᠠᠭᠰᠠᠨ ᠤ ᠳᠠᠷᠠᠭ᠎ᠠ᠂ ᠪᠢᠳᠡᠨ ᠳᠤ ᠬᠠᠮᠤᠭ ᠤᠨ ᠬᠦᠴᠦᠲᠡᠶ ᠮᠡᠷᠭᠡᠵᠢᠯ ᠤᠨ ᠳᠡᠮᠵᠢᠯᠭᠡ᠂ ᠨᠡᠩ ᠳᠡᠭᠡᠳᠦ | ᠳᠡᠰ ᠤᠨ ᠲᠥᠬᠦᠭᠡᠷᠦᠮᠵᠢ ᠬᠠᠩᠭᠠᠵᠤ᠂ ᠨᠡᠩ ᠣᠬᠤᠷᠬᠠᠨ ᠬᠤᠭᠤᠴᠠᠭᠠᠨ ᠳᠤ ᠠᠮᠢᠲᠠᠨ ᠤ ᠡᠪᠡᠳᠴᠢᠨ ᠡᠮᠭᠡᠭ ᠢ | ᠣᠨᠣᠰᠢᠯᠠᠵᠤ᠂ ᠮᠠᠯ ᠲᠡᠵᠢᠭᠡᠪᠦᠷᠢ ᠳᠤ ᠴᠠᠭ ᠲᠤᠬᠠᠶ ᠳᠤᠨᠢ ᠡᠮ ᠬᠡᠷᠡᠭᠯᠡᠪᠡ᠃ | ᠬᠡᠷᠰᠡᠩ ᠰᠤᠮᠤᠨ ᠤ ᠲᠡᠵᠢᠭᠡᠨ ᠦᠷᠡᠵᠢᠭᠦᠯᠬᠦ ᠡᠷᠦᠬᠡ ᠮᠦᠩᠭᠦᠨᠰᠠᠩ᠄ ᠥᠩᠭᠡᠷᠡᠭᠰᠡᠨ ᠳᠤ ᠮᠠᠨ ᠤ ᠦᠬᠡᠷ | ᠡᠪᠡᠳᠴᠢᠯᠡᠭᠰᠡᠨ ᠤ ᠳᠠᠷᠠᠭ᠎ᠠ᠂ ᠪᠢᠳᠡ ᠥᠪᠡᠷ ᠤᠨ ᠦᠬᠡᠷ ᠢᠶᠠᠨ ᠴᠢᠪᠠᠭ᠎ᠠ᠂ ᠨᠠᠶᠮᠠᠨ᠂ ᠯᠢᠨᠳᠦ᠋ᠩ ᠳᠤ ᠠᠪᠠᠴᠢᠵᠤ | ᠡᠮᠨᠡᠭᠦᠯᠳᠡᠭ᠂ ᠣᠳᠣ ᠮᠠᠨ ᠤ ᠰᠤᠮᠤ ᠥᠪᠡᠷ ᠤᠨ ᠮᠠᠯ ᠡᠮᠨᠡᠯᠭᠡ ᠶᠢᠨ ᠲᠥᠪ ᠲᠠᠢ ᠪᠣᠯᠵᠤ᠂ ᠮᠠᠯᠴᠢᠳ ᠲᠤ ᠳᠥᠭᠦᠮ | ᠳᠥᠲᠡ᠂ ᠲᠦᠷᠭᠡᠨ ᠦᠶᠯᠡᠴᠢᠯᠡᠭᠡ ᠬᠠᠩᠭᠠᠪᠠ ᠃ | ᠲᠣᠰ ᠲᠥᠪ ᠨᠢ ᠲᠡᠷᠢᠭᠦᠨ ᠤ ᠣᠨᠣᠰᠢᠯᠠᠨ ᠡᠮᠨᠡᠬᠦ ᠲᠥᠬᠦᠭᠡᠷᠦᠮᠵᠢ ᠪᠠ ᠰᠢᠯᠢᠳᠡᠭ ᠮᠠᠯ ᠡᠮᠨᠡᠯᠭᠡ ᠶᠢᠨ | ᠪᠦᠯᠬᠦᠮ ᠨᠡᠶᠢᠲᠡ ᠳᠤ ᠲᠦᠰᠢᠭᠯᠡᠨ᠂ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠳᠤ ᠠᠮᠢᠲᠠᠨ ᠢ ᠣᠨᠣᠰᠢᠯᠠᠨ | ᠡᠮᠨᠡᠬᠦ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠵᠡᠷᠭᠡ | ᠪᠥᠬᠦ ᠲᠠᠯ᠎ᠠ ᠶᠢᠨ ᠮᠡᠷᠭᠡᠵᠢᠯ ᠤᠨ ᠦᠶᠯᠡᠴᠢᠯᠡᠭᠡ ᠬᠠᠩᠭᠠᠬᠤ ᠪᠠᠷ ᠴᠢᠷᠮᠠᠶᠢᠵᠤ᠂ ᠮᠠᠨ ᠤ ᠬᠤᠰᠢᠭᠤᠨ ᠤ ᠵᠡᠭᠦᠨ ᠬᠡᠰᠡᠭ | ᠤᠨ ᠭᠠᠵᠠᠷ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ᠂ ᠠᠮᠢᠲᠠᠨ ᠤ ᠡᠪᠡᠳᠴᠢᠨ ᠡᠮᠭᠡᠭ ᠢ ᠣᠨᠣᠰᠢᠯᠠᠨ ᠡᠮᠨᠡᠬᠦ᠂ | ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠪᠠ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠢᠷᠢ | ᠲᠦᠪᠰᠢᠨ ᠢ ᠲᠤᠶᠢᠯ ᠤᠨ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠂ ᠡᠨᠡ ᠨᠢ ᠲᠡᠵᠢᠭᠡᠨ ᠦᠷᠡᠵᠢᠭᠦᠯᠬᠦ ᠦᠶᠯᠡᠰ ᠤᠨ | ᠠᠶᠤᠯ ᠲᠦᠭᠰᠢᠭᠦᠷᠢ ᠶᠢ ᠪᠠᠭᠤᠷᠠᠭᠤᠯᠬᠤ᠂ ᠮᠠᠯᠴᠢᠨ ᠲᠠᠷᠢᠶᠠᠴᠢᠨ ᠤ ᠲᠡᠵᠢᠭᠡᠨ ᠦᠷᠡᠵᠢᠭᠦᠯᠬᠦ ᠠᠰᠢᠭ ᠣᠷᠣᠯᠭ᠎ᠠ ᠶᠢ | ᠪᠠᠲᠤᠯᠠᠨ ᠳᠡᠭᠡᠭᠰᠢᠯᠡᠭᠦᠯᠬᠦ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ | ᠬᠡᠷᠰᠡᠩ ᠰᠤᠮᠤ ᠶᠢᠨ ᠨᠠᠮ ᠤᠨ ᠬᠤᠷᠢᠶᠠᠨ ᠤ ᠱᠦᠵᠢ ᠤᠳᠬᠤᠨᠪᠠᠶᠠᠷ᠄ ᠲᠠᠷᠠᠭᠠᠴᠢ ᠶᠢᠨ ᠠᠯᠬᠤᠮ ᠳᠤ᠂ | ᠪᠢᠳᠡ ᠪᠠᠰᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠠᠯᠠᠰᠢᠨ ᠦᠬᠡᠷ ᠬᠤᠨᠢ ᠲᠡᠵᠢᠭᠡᠨ | ᠦᠷᠡᠵᠢᠭᠦᠯᠬᠦ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠲᠠᠷᠢᠶᠠᠯᠠᠩ ᠤᠨ ᠣᠳᠣᠬᠢᠴᠢᠯᠠᠭᠰᠠᠨ ᠡᠵᠡᠩᠨᠡᠯᠲᠡ | ᠵᠡᠷᠭᠡ ᠣᠯᠠᠨ ᠬᠦᠷᠢᠶᠡᠨ ᠳᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ | ᠳᠠᠭᠠᠭᠤᠯᠤᠨ᠎ᠠ ᠃ | ᠲᠥᠪ ᠪᠠᠶᠢᠭᠤᠯᠤᠭᠳᠠᠭᠰᠠᠨ ᠤ ᠳᠠᠷᠠᠭ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠣᠶᠤᠨ ᠤ ᠳᠠᠪᠠᠭᠤᠯᠢᠭ ᠪᠠ ᠣᠶᠤᠨ ᠤ ᠬᠥᠮᠥᠷᠭᠡ ᠶᠢᠨ ᠦᠶᠯᠡᠳᠦᠯ ᠳᠤ ᠲᠦᠰᠢᠭᠯᠡᠨ᠂ ᠨᠠᠩ ᠣᠯᠠᠨ ᠰᠢᠨᠵᠢᠯᠡᠬᠦ | ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠩᠨᠢᠭᠤᠳ ᠬᠤᠰᠢᠭᠤᠨ ᠤ ᠡᠯ᠎ᠡ ᠬᠦᠷᠢᠶᠡᠨ ᠳᠤ ᠤᠯᠠᠷᠢᠭᠤᠯᠬᠤ | ᠶᠢ ᠠᠬᠢᠭᠤᠯᠵᠤ᠂ ᠣᠩᠨᠢᠭᠤᠳ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠶ ᠶᠢᠨ ᠳᠠᠪᠠᠭᠤᠯᠢᠭ᠂ | ᠠᠵᠤ ᠦᠶᠯᠡᠰ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠵᠡᠷᠭᠡ ᠶᠢ ᠦᠨᠡᠨ ᠬᠦ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠤᠨ᠎ᠠ ᠃ | ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠭᠠᠨᠪᠠᠭᠠᠲᠤᠷ᠄ ᠲᠠᠷᠠᠭᠠᠴᠢ ᠶᠢᠨ ᠠᠯᠬᠤᠮ ᠳᠤ᠂ ᠮᠠᠨ | ᠤ ᠬᠤᠰᠢᠭᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠯᠤᠭ᠎ᠠ ᠶᠢᠨ ᠰᠤᠷᠭᠠᠭᠤᠯᠢ ᠪᠠ ᠣᠷᠣᠨ | ᠨᠤᠲᠤᠭ ᠤᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰᠬᠠᠶ ᠮᠡᠷᠭᠡᠵᠢᠯᠲᠡᠨ ᠫᠷᠤᠹᠧᠰᠰᠤᠷ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠲᠠᠰᠤᠭ᠂ ᠣᠶᠤᠲᠠᠨ ( ᠠᠰᠫᠢᠷᠠᠨᠲ ) ᠤ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠭᠠᠵᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠶᠯᠡᠰ ᠢ | ᠪᠣᠶᠢᠵᠢᠭᠤᠯᠬᠤ ᠰᠠᠭᠤᠷᠢᠨ ᠭᠠᠵᠠᠷ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ | ᠣᠨᠳᠣᠤᠰᠢᠭᠤᠯᠬᠤ ᠰᠠᠭᠤᠷᠢᠨ ᠭᠠᠵᠠᠷ ᠢ ᠭᠠᠷ ᠬᠤᠯᠪᠣᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠢᠶᠠᠷ ᠴᠢᠳᠠᠪᠤᠷᠢ ᠣᠯᠭᠤᠬᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠪᠥᠬᠦ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ | ᠤ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ | | |