ᠣᠩᠨᠢᠭᠤᠳ ᠬᠤᠰᠢᠭᠤᠨ ᠤ ᠳ᠋ᠠᠰᠢᠩ ᠲᠠᠷᠢᠶᠠᠯᠠᠩ ᠤᠨ ᠲᠠᠯᠠᠪᠠᠢ ᠨᠠᠮᠤᠷ ᠤᠨ ᠰᠡᠭᠦᠯᠴᠢ ᠶᠢᠨ ᠲᠠᠷᠢᠶᠠᠯᠠᠩ  ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2023/11/9
         ᠳ᠋ᠠᠰᠢᠩ ᠲᠠᠷᠢᠶᠠᠯᠠᠩ ᠤᠨ ᠲᠠᠯᠠᠪᠠᠶ ᠨᠠᠮᠤᠷ ᠤᠨ ᠰᠡᠭᠦᠯᠴᠢ ᠶᠢᠨ ᠰᠦᠯᠢᠶᠣᠣ ᠪᠦᠷᠬᠦᠪᠴᠢ ᠶᠢ ᠲᠡᠭᠦᠬᠦ ᠵᠠᠩᠭᠢᠯᠠᠭ᠎ᠠ ᠶᠢᠨ ᠬᠤᠭᠤᠴᠠᠭ᠎ᠠ ᠶᠢ ᠠᠳᠬᠤᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠦᠯᠡᠳᠡᠭᠳᠡᠯ ᠰᠦᠯᠢᠶᠣᠣ ᠪᠦᠷᠬᠦᠪᠴᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠶᠢᠨ ᠬᠠᠮᠲᠤ ᠱᠠᠲᠤᠴᠢ ᠴᠢᠨᠠᠷᠲᠠᠶ ᠦᠷ᠎ᠡ ᠪᠦᠲᠦᠮᠵᠢ ᠣᠯᠪᠠ  ᠃       ᠳ᠋ᠠᠰᠢᠩ ᠲᠠᠷᠢᠶᠠᠯᠠᠩ ᠤᠨ ᠲᠠᠯᠠᠪᠠᠢ ᠶᠢᠨ ᠰᠦᠯᠢᠶᠣᠣ ᠪᠦᠷᠬᠦᠪᠴᠢ ᠬᠡᠷᠡᠭᠯᠡᠬᠦ ᠲᠠᠯᠠᠪᠠᠢ 2500 ᠮᠦ ᠪᠠᠶᠢᠵᠤ᠂ ᠲᠠᠷᠢᠮᠠᠯ ᠤᠨ ᠲᠠᠯᠠᠪᠠᠢ ᠶᠢᠨ 2 . 12 % ᠢ ᠡᠵᠡᠯᠡᠨ᠎ᠡ᠃ᠮᠠᠨ ᠤ ᠲᠠᠯᠠᠪᠠᠶ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠶᠴᠡᠳ ᠠᠰᠢᠭᠯᠠᠨ᠂ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ᠂ ᠰᠦᠯᠢᠶᠣᠣ ᠪᠦᠷᠬᠦᠪᠴᠢ ᠶᠢᠨ ᠦᠯᠡᠳᠡᠭᠳᠡᠯ ᠤᠨ ᠠᠮᠢᠳᠤᠷᠠᠯ ᠤᠨ ᠣᠷᠴᠢᠨ ᠲᠣᠭᠤᠷᠢᠨ᠂ ᠬᠥᠷᠥᠰᠥ ᠰᠢᠷᠣᠶ ᠵᠢᠴᠢ ᠲᠠᠷᠢᠮᠠᠯ ᠤᠨ ᠪᠦᠲᠦᠭᠡᠭᠳᠡᠬᠦᠨ ᠤ ᠭᠠᠷᠤᠯᠲᠠ ᠶᠢᠨ ᠶᠠᠰᠤ ᠴᠢᠨᠠᠷ ᠵᠡᠷᠭᠡ ᠲᠠᠯ᠎ᠠ ᠳᠠᠬᠢ ᠬᠤᠤᠷ ᠬᠥᠨᠥᠭᠡᠯ ᠢ ᠥᠷᠭᠡᠨ ᠢᠶᠠᠷ ᠤᠬᠠᠭᠤᠯᠵᠤ᠂ ᠰᠦᠯᠢᠶᠣᠣ ᠪᠦᠷᠬᠦᠪᠴᠢ ᠶᠢ ᠢᠯᠡᠴᠢᠯᠡᠬᠦ ᠪᠠ ᠠᠷᠢᠯᠭᠠᠬᠤ ᠴᠠᠭ ᠬᠤᠭᠤᠴᠠᠭ᠎ᠠ᠂ ᠠᠷᠢᠯᠭᠠᠬᠤ ᠠᠷᠭ᠎ᠠ ᠮᠠᠶ᠋ᠢᠭ ᠪᠠ ᠠᠷᠭ᠎ᠠ ᠮᠠᠶ᠋ᠢᠭ ᠵᠡᠷᠭᠡ ᠲᠠᠯ᠎ᠠ ᠪᠠᠷ ᠬᠢ ᠣᠯᠠᠨ ᠲᠦᠮᠡᠨ ᠤ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠳᠬᠠᠨ᠂ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠦᠯᠡᠳᠡᠭᠳᠡᠯ ᠬᠠᠭᠤᠴᠢᠨ ᠰᠦᠯᠢᠶᠣᠣ ᠪᠦᠷᠬᠦᠪᠴᠢ ᠶᠢ ᠤᠬᠠᠮᠰᠠᠷ ᠠᠴᠠ ᠪᠠᠨ ᠲᠡᠭᠦᠯᠭᠡᠵᠦ᠂ ᠴᠠᠭ ᠲᠤᠬᠠᠶ ᠳᠤᠨᠢ ᠴᠤᠭᠯᠠᠭᠤᠯᠬᠤ᠂ ᠴᠢᠬ ᠲᠣᠭᠲᠠᠭᠠᠨ ᠣᠪᠣᠭᠠᠯᠠᠬᠤ ᠶᠢ ᠪᠡᠶᠡᠯᠡᠭᠦᠯᠵᠦ᠂ ᠰᠦᠯᠢᠶᠣᠣ ᠪᠦᠷᠬᠦᠪᠴᠢ ᠶᠢᠨ ᠦᠯᠡᠳᠡᠭᠳᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠪᠠ᠃      ᠡᠨᠡᠬᠦ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠨᠢᠭᠡᠨᠲᠡ ᠠᠩᠬ᠎ᠠ ᠠᠯᠬᠤᠮ ᠤᠨ ᠠᠮᠵᠢᠯᠲᠠ ᠣᠯᠤᠭᠰᠠᠨ ᠪᠣᠯᠪᠠᠴᠤ ᠪᠠᠰᠠ ᠮᠠᠰᠢ ᠣᠯᠠᠨ ᠠᠰᠠᠭᠤᠳᠠᠯ ᠢ ᠰᠢᠶᠳᠪᠦᠷᠢᠯᠡᠬᠦ ᠴᠢᠬᠤᠯᠠᠲᠠᠶ ᠪᠠᠶᠢᠨ᠎ᠠ᠃ ᠪᠢᠳᠠ ᠬᠤᠷᠢᠶᠠᠨ ᠠᠪᠬᠤ ᠥᠷᠲᠡᠭᠡᠨ ᠤ ᠲᠥᠬᠦᠭᠡᠷᠦᠮᠵᠢ ᠶᠢ ᠤᠯᠠᠮ ᠴᠢᠨᠠᠭᠰᠢᠳᠠ ᠰᠠᠶᠢᠵᠢᠷᠠᠭᠤᠯᠵᠤ᠂ ᠲᠠᠷᠢᠶᠠᠴᠢᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠲᠦᠷᠢᠮ ᠢ ᠲᠡᠭᠦᠯᠳᠡᠷᠵᠢᠭᠦᠯᠦᠨ᠎ᠡ᠃ ᠪᠢᠳᠡ ᠰᠡᠳᠬᠢᠯ ᠰᠠᠨᠠᠭ᠎ᠠ ᠪᠠᠨ ᠨᠢᠭᠡᠳᠬᠡᠵᠦ᠂ ᠭᠠᠷ ᠬᠤᠯᠪᠣᠨ ᠤᠷᠤᠭᠰᠢᠯᠠᠳᠠᠭ ᠯᠠ ᠶᠤᠮ ᠪᠣᠯ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠨᠠᠩ ᠶᠡᠭᠡ ᠠᠮᠵᠢᠯᠲᠠ ᠤᠯᠬᠤ ᠶᠢ ᠪᠢᠳᠡ ᠢᠲᠡᠭᠡᠵᠦ ᠪᠠᠶᠢᠨ᠎ᠠ᠃ ᠪᠢᠳᠡ ᠦᠷᠭᠦᠯᠵᠢᠯᠡᠨ ᠡᠷᠡᠰ ᠪᠠᠲᠤ ᠠᠯᠬᠤᠭ᠎ᠠ ᠪᠠᠷ ᠣᠷᠴᠢᠨ ᠲᠣᠭᠤᠷᠢᠨ ᠢ ᠬᠠᠮᠠᠭᠠᠯᠠᠬᠤ ᠬᠠᠷᠠᠯᠲᠠ ᠵᠦᠭ ᠤᠷᠤᠭᠰᠢᠯᠠᠶ᠎ᠠ︕
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号