ᠬᠡᠷᠰᠡᠩ ᠮᠠᠯ ᠡᠮᠨᠡᠯᠭᠡ ᠶᠢᠨ ᠲᠥᠪ ᠵᠢᠴᠢ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/11/9
      11 ᠰᠠᠷ᠎ᠠ ᠶᠢᠨ 6 ᠤ ᠡᠳᠦᠷ᠂  ᠬᠡᠷᠰᠡᠩ ᠮᠠᠯ ᠡᠮᠨᠡᠯᠭᠡ ᠶᠢᠨ ᠲᠥᠪ ᠵᠢᠴᠢ ᠰᠤᠷᠭᠠᠭᠤᠯᠢ ᠣᠷᠣᠨ ᠨᠤᠲᠤᠭ  ᠤᠨ ᠬᠠᠮᠲᠤᠷᠠᠯᠴᠠᠭᠠᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠫᠠᠶᠢᠰᠠ ᠡᠯᠭᠦᠨ ᠪᠠᠶᠢᠭᠤᠯᠤᠭᠳᠠᠵᠤ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠢᠳᠡᠷᠡᠭᠦᠨ ᠠᠯᠬᠤᠭ᠎ᠠ ᠶᠢ ᠠᠯᠬᠤᠭᠰᠠᠨ ᠢ ᠬᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠠᠷᠭ᠎ᠠ ᠬᠡᠯᠪᠡᠷᠢ ᠶᠢ ᠬᠤᠪᠢᠷᠠᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ  ᠲᠠᠢ ᠶᠤᠮ  ᠃        ᠬᠡᠷᠰᠡᠩ ᠮᠠᠯ ᠡᠮᠨᠡᠯᠭᠡ ᠶᠢᠨ ᠲᠥᠪ ᠨᠢ ᠬᠡᠷᠰᠡᠩ ᠰᠤᠮᠤ ᠶᠢᠨ ᠡᠩᠭᠡᠷ ᠭᠠᠴᠠᠭ᠎ᠠ ᠳᠤ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 350 ᠲᠦᠮᠡᠨ ᠲᠥᠭᠦᠷᠢᠭ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 600 ᠲᠡᠭᠰᠢ ᠳᠥᠷᠪᠡᠯᠵᠢᠨ ᠮᠧᠲᠷ ᠪᠠᠶᠢᠵᠤ᠂ 2023 ᠣᠨ ᠤ 4 ᠰᠠᠷ᠎ᠠ ᠳᠤ ᠪᠠᠷᠢᠯᠭ᠎ᠠ ᠡᠬᠢᠯᠡᠵᠦ᠂ 10 ᠰᠠᠷ᠎ᠠ ᠶᠢᠨ ᠡᠬᠢ ᠪᠠᠷ ᠲᠤᠷᠰᠢᠨ ᠠᠵᠢᠯᠯᠠᠭᠤᠯᠵᠤ ᠡᠬᠢᠯᠡᠪᠡ  ᠃ ᠲᠣᠰ ᠲᠥᠪ ᠣᠩᠨᠢᠭᠤᠳ ᠬᠤᠰᠢᠭᠤᠨ ᠤ ᠵᠡᠭᠦᠨ ᠬᠡᠰᠡᠭ ᠤᠨ ᠮᠠᠯᠵᠢᠬᠤ ᠣᠷᠣᠨ ᠤ ᠲᠠᠯᠠᠪᠠᠶ ᠪᠠᠷ ᠬᠠᠮᠤᠭ ᠤᠨ ᠶᠡᠭᠡ᠂ ᠦᠶᠯᠡᠴᠢᠯᠡᠭᠡ ᠨᠢ ᠬᠠᠮᠤᠭ ᠤᠨ ᠵᠢᠷᠤᠮᠵᠢᠭᠤᠨ᠂ ᠬᠠᠮᠤᠭ ᠤᠨ ᠥᠪᠡᠷᠮᠢᠴᠡ ᠣᠨᠴᠠᠯᠢᠭ ᠲᠠᠢ ᠠᠮᠢᠲᠠᠨ ᠢ ᠣᠨᠣᠰᠢᠯᠠᠨ ᠡᠮᠨᠡᠬᠦ ᠲᠥᠪ ᠢ ᠡᠭᠦᠳᠦᠨ ᠪᠠᠶᠢᠭᠤᠯᠬᠤ ᠪᠠᠷ ᠴᠢᠷᠮᠠᠶᠢᠵᠤ᠂ ᠲᠡᠵᠢᠭᠡᠨ ᠦᠷᠡᠵᠢᠭᠦᠯᠬᠦ ᠡᠷᠦᠬᠡ ᠳᠤ ᠠᠮᠢᠲᠠᠨ ᠤ ᠡᠪᠡᠳᠴᠢᠨ ᠡᠮᠭᠡᠭ ᠢ ᠣᠨᠣᠰᠢᠯᠠᠨ ᠵᠠᠰᠠᠬᠤ᠂ ᠠᠮᠢᠳᠤ ᠪᠣᠳᠠᠰ ᠤᠨ ᠬᠢᠮᠢ ᠶᠢᠨ ᠪᠠᠶᠢᠴᠠᠭᠠᠯᠲᠠ ᠬᠢᠬᠦ᠂ ᠮᠡᠷᠭᠡᠵᠢᠯ ᠤᠨ ᠵᠢᠯᠣᠭᠤᠳᠣᠯᠭ᠎ᠠ ᠬᠢᠬᠦ ᠵᠡᠷᠭᠡ ᠣᠯᠠᠨ ᠵᠦᠶᠯ ᠤᠨ ᠦᠶᠯᠡᠴᠢᠯᠡᠭᠡ ᠬᠠᠩᠭᠠᠨ᠎ᠠ  ᠃       ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠷᠢᠨᠴᠢᠨᠳᠠᠷᠮ᠎ᠠ᠄ ᠣᠶᠢᠷ᠎ᠠ ᠶᠢᠨ ᠬᠡᠳᠦᠨ ᠵᠢᠯ  ᠳᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠮᠠᠰᠢ ᠲᠦᠷᠭᠡᠨ ᠢᠶᠠᠷ ᠶᠡᠭᠡ ᠬᠡᠮᠵᠢᠶ᠎ᠡ ᠪᠠᠷ ᠭᠠᠳᠠᠷ ᠣᠷᠣᠨ ᠤ ᠡᠭᠦᠯᠳᠡᠷ ᠢ ᠣᠷᠣᠭᠤᠯᠤᠨ ᠠᠪᠴᠢᠷᠠᠪᠠ  ᠃ ᠭᠠᠳᠠᠨ᠎ᠠ ᠠᠴᠠ ᠣᠷᠣᠭᠤᠯᠤᠭᠰᠠᠨ ᠮᠠᠯ ᠤᠨᠤᠭ᠎ᠠ ᠲᠤᠬᠠᠶ ᠶᠢᠨ ᠭᠠᠵᠠᠷ ᠤᠨ ᠣᠷᠴᠢᠨ ᠲᠣᠭᠤᠷᠢᠨ ᠳᠤ ᠵᠣᠬᠢᠴᠠᠬᠤ ᠦᠭᠡᠢ᠂ ᠠᠮᠠᠷᠬᠠᠨ ᠡᠪᠡᠳᠴᠢᠯᠡᠳᠡᠭ ᠪᠥᠭᠡᠳ ᠲᠤᠬᠠᠶ  ᠶᠢᠨ ᠭᠠᠵᠠᠷ ᠤᠨ ᠮᠠᠯ ᠤᠨ ᠡᠮᠴᠢ ᠬᠦᠨᠳᠦ ᠨᠣᠴᠢᠲᠠᠶ ᠳᠤᠲᠠᠭᠳᠠᠵᠤ᠂ ᠮᠠᠯ ᠡᠮᠨᠡᠯᠭᠡ ᠶᠢᠨ ᠲᠥᠪ  ᠲᠥᠪ ᠪᠠᠶᠢᠭᠤᠯᠤᠭᠳᠠᠭᠰᠠᠨ ᠤ ᠳᠠᠷᠠᠭ᠎ᠠ᠂ ᠡᠨᠡ ᠬᠦ ᠬᠤᠭᠤᠰᠣᠨ ᠢ ᠨᠥᠬᠦᠪᠥᠷᠢᠯᠡᠵᠡᠶ  ᠃        ᠬᠡᠷᠰᠡᠩ ᠰᠤᠮᠤ ᠶᠢᠨ ᠮᠠᠯ ᠤᠨ ᠡᠮᠴᠢ ᠬᠠᠰᠪᠠᠲᠤ᠄ ᠣᠳᠣᠬᠠᠨ ᠳᠤ ᠣᠨᠣᠰᠢᠯᠠᠨ ᠡᠮᠨᠡᠬᠦ ᠲᠥᠪ ᠪᠠᠶᠢᠭᠤᠯᠤᠭᠳᠠᠭᠰᠠᠨ ᠤ ᠳᠠᠷᠠᠭ᠎ᠠ᠂ ᠪᠢᠳᠡᠨ ᠳᠤ ᠬᠠᠮᠤᠭ ᠤᠨ ᠬᠦᠴᠦᠲᠡᠶ ᠮᠡᠷᠭᠡᠵᠢᠯ ᠤᠨ ᠳᠡᠮᠵᠢᠯᠭᠡ᠂ ᠨᠡᠩ ᠳᠡᠭᠡᠳᠦ ᠳᠡᠰ ᠤᠨ ᠲᠥᠬᠦᠭᠡᠷᠦᠮᠵᠢ ᠬᠠᠩᠭᠠᠵᠤ᠂ ᠨᠡᠩ ᠣᠬᠤᠷᠬᠠᠨ ᠬᠤᠭᠤᠴᠠᠭᠠᠨ ᠳᠤ ᠠᠮᠢᠲᠠᠨ ᠤ ᠡᠪᠡᠳᠴᠢᠨ ᠡᠮᠭᠡᠭ ᠢ ᠣᠨᠣᠰᠢᠯᠠᠵᠤ᠂ ᠮᠠᠯ ᠲᠡᠵᠢᠭᠡᠪᠦᠷᠢ ᠳᠤ ᠴᠠᠭ ᠲᠤᠬᠠᠶ ᠳᠤᠨᠢ ᠡᠮ ᠬᠡᠷᠡᠭᠯᠡᠪᠡ᠃       ᠬᠡᠷᠰᠡᠩ ᠰᠤᠮᠤᠨ ᠤ ᠲᠡᠵᠢᠭᠡᠨ ᠦᠷᠡᠵᠢᠭᠦᠯᠬᠦ ᠡᠷᠦᠬᠡ ᠮᠦᠩᠭᠦᠨᠰᠠᠩ᠄ ᠥᠩᠭᠡᠷᠡᠭᠰᠡᠨ ᠳᠤ ᠮᠠᠨ ᠤ ᠦᠬᠡᠷ ᠡᠪᠡᠳᠴᠢᠯᠡᠭᠰᠡᠨ ᠤ ᠳᠠᠷᠠᠭ᠎ᠠ᠂ ᠪᠢᠳᠡ ᠥᠪᠡᠷ ᠤᠨ ᠦᠬᠡᠷ ᠢᠶᠠᠨ ᠴᠢᠪᠠᠭ᠎ᠠ᠂ ᠨᠠᠶᠮᠠᠨ᠂ ᠯᠢᠨᠳᠦ᠋ᠩ ᠳᠤ ᠠᠪᠠᠴᠢᠵᠤ ᠡᠮᠨᠡᠭᠦᠯᠳᠡᠭ᠂ ᠣᠳᠣ ᠮᠠᠨ ᠤ ᠰᠤᠮᠤ ᠥᠪᠡᠷ ᠤᠨ ᠮᠠᠯ ᠡᠮᠨᠡᠯᠭᠡ ᠶᠢᠨ ᠲᠥᠪ ᠲᠠᠢ ᠪᠣᠯᠵᠤ᠂ ᠮᠠᠯᠴᠢᠳ ᠲᠤ ᠳᠥᠭᠦᠮ ᠳᠥᠲᠡ᠂ ᠲᠦᠷᠭᠡᠨ ᠦᠶᠯᠡᠴᠢᠯᠡᠭᠡ ᠬᠠᠩᠭᠠᠪᠠ  ᠃        ᠲᠣᠰ ᠲᠥᠪ ᠨᠢ ᠲᠡᠷᠢᠭᠦᠨ ᠤ ᠣᠨᠣᠰᠢᠯᠠᠨ ᠡᠮᠨᠡᠬᠦ ᠲᠥᠬᠦᠭᠡᠷᠦᠮᠵᠢ ᠪᠠ ᠰᠢᠯᠢᠳᠡᠭ ᠮᠠᠯ ᠡᠮᠨᠡᠯᠭᠡ ᠶᠢᠨ ᠪᠦᠯᠬᠦᠮ ᠨᠡᠶᠢᠲᠡ ᠳᠤ ᠲᠦᠰᠢᠭᠯᠡᠨ᠂ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠳᠤ ᠠᠮᠢᠲᠠᠨ ᠢ ᠣᠨᠣᠰᠢᠯᠠᠨ ᠡᠮᠨᠡᠬᠦ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠵᠡᠷᠭᠡ ᠪᠥᠬᠦ ᠲᠠᠯ᠎ᠠ ᠶᠢᠨ ᠮᠡᠷᠭᠡᠵᠢᠯ ᠤᠨ ᠦᠶᠯᠡᠴᠢᠯᠡᠭᠡ ᠬᠠᠩᠭᠠᠬᠤ ᠪᠠᠷ ᠴᠢᠷᠮᠠᠶᠢᠵᠤ᠂ ᠮᠠᠨ ᠤ ᠬᠤᠰᠢᠭᠤᠨ ᠤ ᠵᠡᠭᠦᠨ ᠬᠡᠰᠡᠭ  ᠤᠨ ᠭᠠᠵᠠᠷ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ᠂ ᠠᠮᠢᠲᠠᠨ ᠤ ᠡᠪᠡᠳᠴᠢᠨ ᠡᠮᠭᠡᠭ ᠢ ᠣᠨᠣᠰᠢᠯᠠᠨ ᠡᠮᠨᠡᠬᠦ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠪᠠ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠢᠷᠢ ᠲᠦᠪᠰᠢᠨ ᠢ ᠲᠤᠶᠢᠯ ᠤᠨ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠂ ᠡᠨᠡ ᠨᠢ ᠲᠡᠵᠢᠭᠡᠨ ᠦᠷᠡᠵᠢᠭᠦᠯᠬᠦ ᠦᠶᠯᠡᠰ ᠤᠨ ᠠᠶᠤᠯ ᠲᠦᠭᠰᠢᠭᠦᠷᠢ ᠶᠢ ᠪᠠᠭᠤᠷᠠᠭᠤᠯᠬᠤ᠂ ᠮᠠᠯᠴᠢᠨ ᠲᠠᠷᠢᠶᠠᠴᠢᠨ ᠤ ᠲᠡᠵᠢᠭᠡᠨ ᠦᠷᠡᠵᠢᠭᠦᠯᠬᠦ ᠠᠰᠢᠭ ᠣᠷᠣᠯᠭ᠎ᠠ ᠶᠢ ᠪᠠᠲᠤᠯᠠᠨ ᠳᠡᠭᠡᠭᠰᠢᠯᠡᠭᠦᠯᠬᠦ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ  ᠃       ᠬᠡᠷᠰᠡᠩ ᠰᠤᠮᠤ ᠶᠢᠨ ᠨᠠᠮ ᠤᠨ ᠬᠤᠷᠢᠶᠠᠨ ᠤ ᠱᠦᠵᠢ ᠤᠳᠬᠤᠨᠪᠠᠶᠠᠷ᠄ ᠲᠠᠷᠠᠭᠠᠴᠢ ᠶᠢᠨ ᠠᠯᠬᠤᠮ ᠳᠤ᠂ ᠪᠢᠳᠡ ᠪᠠᠰᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠠᠯᠠᠰᠢᠨ ᠦᠬᠡᠷ ᠬᠤᠨᠢ ᠲᠡᠵᠢᠭᠡᠨ ᠦᠷᠡᠵᠢᠭᠦᠯᠬᠦ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠲᠠᠷᠢᠶᠠᠯᠠᠩ ᠤᠨ ᠣᠳᠣᠬᠢᠴᠢᠯᠠᠭᠰᠠᠨ ᠡᠵᠡᠩᠨᠡᠯᠲᠡ ᠵᠡᠷᠭᠡ ᠣᠯᠠᠨ ᠬᠦᠷᠢᠶᠡᠨ ᠳᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠤᠨ᠎ᠠ  ᠃       ᠲᠥᠪ ᠪᠠᠶᠢᠭᠤᠯᠤᠭᠳᠠᠭᠰᠠᠨ ᠤ ᠳᠠᠷᠠᠭ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠣᠶᠤᠨ ᠤ ᠳᠠᠪᠠᠭᠤᠯᠢᠭ ᠪᠠ ᠣᠶᠤᠨ ᠤ ᠬᠥᠮᠥᠷᠭᠡ ᠶᠢᠨ ᠦᠶᠯᠡᠳᠦᠯ ᠳᠤ ᠲᠦᠰᠢᠭᠯᠡᠨ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠩᠨᠢᠭᠤᠳ ᠬᠤᠰᠢᠭᠤᠨ ᠤ ᠡᠯ᠎ᠡ ᠬᠦᠷᠢᠶᠡᠨ ᠳᠤ ᠤᠯᠠᠷᠢᠭᠤᠯᠬᠤ  ᠶᠢ ᠠᠬᠢᠭᠤᠯᠵᠤ᠂ ᠣᠩᠨᠢᠭᠤᠳ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠶ ᠶᠢᠨ ᠳᠠᠪᠠᠭᠤᠯᠢᠭ᠂ ᠠᠵᠤ ᠦᠶᠯᠡᠰ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠵᠡᠷᠭᠡ ᠶᠢ ᠦᠨᠡᠨ ᠬᠦ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠤᠨ᠎ᠠ  ᠃       ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠭᠠᠨᠪᠠᠭᠠᠲᠤᠷ᠄ ᠲᠠᠷᠠᠭᠠᠴᠢ ᠶᠢᠨ ᠠᠯᠬᠤᠮ ᠳᠤ᠂ ᠮᠠᠨ  ᠤ ᠬᠤᠰᠢᠭᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠯᠤᠭ᠎ᠠ ᠶᠢᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰᠬᠠᠶ ᠮᠡᠷᠭᠡᠵᠢᠯᠲᠡᠨ ᠫᠷᠤᠹᠧᠰᠰᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠲᠠᠰᠤᠭ᠂ ᠣᠶᠤᠲᠠᠨ ( ᠠᠰᠫᠢᠷᠠᠨᠲ ) ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠶᠯᠡᠰ ᠢ ᠪᠣᠶᠢᠵᠢᠭᠤᠯᠬᠤ ᠰᠠᠭᠤᠷᠢᠨ ᠭᠠᠵᠠᠷ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠤᠰᠢᠭᠤᠯᠬᠤ ᠰᠠᠭᠤᠷᠢᠨ ᠭᠠᠵᠠᠷ ᠢ ᠭᠠᠷ ᠬᠤᠯᠪᠣᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠢᠶᠠᠷ ᠴᠢᠳᠠᠪᠤᠷᠢ ᠣᠯᠭᠤᠬᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠤ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠨᠠᠩ ᠶᠡᠭᠡ  ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号