ᠣᠩᠨᠢᠭᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠠᠵᠢᠯ ᠵᠢᠴᠢ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/9
       11 ᠰᠠᠷ᠎ᠠ ᠶᠢᠨ 6 ᠤ ᠡᠳᠦᠷ᠂ ᠣᠩᠨᠢᠭᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠠᠵᠢᠯ ᠵᠢᠴᠢ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠤᠷᠠᠯᠳᠤᠪᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠴᠢ ᠵᠢᠩ ᠸᠧᠶ᠂ ᠬᠤᠰᠢᠭᠤᠨ ᠤ ᠤᠳᠤᠷᠢᠳᠤᠯᠭ᠎ᠠ ᠮᠥᠩᠬᠡ᠂ ᠬᠥᠭᠵᠢᠯᠲᠦ᠂ ᠰᠦᠨ ᠮᠢᠩ ᠲᠤᠤ᠂ ᠤᠳᠤᠨᠴᠢᠮᠡᠭ᠂ ᠴᠠᠭᠠᠨᠪᠠᠭᠠᠲᠤᠷ ᠨᠠᠷ ᠶᠠᠷᠢᠯᠴᠠᠬᠤ ᠬᠤᠷᠠᠯ ᠳᠤ ᠣᠷᠣᠯᠴᠠᠪᠠ᠃        ᠶᠠᠷᠢᠯᠴᠠᠬᠤ ᠬᠤᠷᠠᠯ ᠳᠡᠭᠡᠷ᠎ᠡ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠮᠥᠩᠭᠡ ᠴᠢ ᠵᠢᠩ ᠸᠧᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠷᠬᠡᠶᠢᠯᠡᠪᠡ᠃  ᠮᠥᠩᠭᠡ ᠬᠡᠯᠡᠬᠦ ᠳᠡᠭᠡᠨ ᠣᠩᠨᠢᠭᠤᠳ ᠬᠤᠰᠢᠭᠤ ᠨᠢ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠰᠢᠭᠤ ᠪᠣᠯᠤᠭᠰᠠᠨ ᠤ ᠬᠤᠪᠢ ᠳᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠬᠦᠯᠬᠦ ᠨᠢ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠪᠠᠶᠢᠬᠤ ᠪᠦᠭᠡᠳ ᠡᠬᠢ ᠪᠠᠶᠠᠯᠢᠭ ᠤᠨ ᠰᠠᠭᠤᠷᠢ ᠲᠠᠢ᠂ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠢ ᠪᠣᠳᠠᠲᠤ ᠲᠤᠯᠭᠠᠮ ᠠᠰᠠᠭᠤᠳᠠᠯ ᠪᠦᠭᠡᠳ ᠠᠯᠤᠰ ᠬᠡᠳᠦ ᠶᠢᠨ ᠠᠴᠢ ᠬᠤᠯᠪᠤᠭᠳᠠᠯ  ᠲᠠᠢ ᠶᠤᠮ  ᠂ ᠣᠩᠨᠢᠭᠤᠳ ᠬᠤᠰᠢᠭᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠤᠯᠪᠣᠭᠠᠯᠠᠬᠤ ᠶᠢ ᠲᠤᠯᠭᠠᠮ᠎ᠠ ᠬᠦᠰᠡᠵᠦ ᠪᠠᠶᠢᠨ᠎ᠠ  ᠃ ᠳᠠᠪᠠᠭᠤᠯᠢᠭ ᠲᠠᠯ᠎ᠠ ᠪᠠᠷ ᠢᠶᠠᠨ ᠨᠥᠬᠦᠪᠥᠷᠢᠯᠡᠬᠦ᠂ ᠮᠡᠷᠭᠡᠵᠢᠯ  ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶᠯ ᠵᠡᠷᠭᠡ ᠬᠦᠷᠢᠶᠡᠨ ᠳᠤ ᠨᠠᠩ ᠭᠦᠨᠵᠡᠭᠡᠶ ᠨᠡᠪᠲᠡᠷᠡᠯᠴᠡᠨ ᠬᠠᠮᠲᠤᠷᠠᠨ ᠠᠵᠢᠯᠯᠠᠬᠤ ᠢ ᠬᠦᠰᠡᠵᠦ ᠪᠠᠶᠢᠨ᠎ᠠ᠂᠂ ᠨᠠᠩ ᠪᠦᠲᠦᠮᠵᠢᠲᠡᠶ ᠰᠣᠯᠢᠯᠴᠠᠭ᠎ᠠ ᠬᠠᠮᠲᠤᠷᠠᠯᠴᠠᠭ᠎ᠠ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠮᠥᠩᠭᠦ᠂ ᠡᠷᠳᠡᠮ ᠰᠢᠨᠵᠢᠯᠡᠭᠡᠨ ᠤ ᠬᠦᠴᠦᠨ᠂ ᠡᠷᠳᠡᠮ ᠰᠢᠨᠵᠢᠯᠡᠭᠡᠨ ᠤ ᠲᠥᠰᠦᠯ ᠣᠩᠨᠢᠭᠤᠳ ᠳᠤ ᠢᠷᠡᠬᠦ ᠶᠢ ᠬᠦᠰᠡᠵᠦ ᠪᠠᠶᠢᠨ᠎ᠠ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ ᠶᠢ ᠦᠨᠡᠨ ᠬᠦ ᠪᠡᠶᠡᠯᠡᠭᠦᠯᠵᠦ᠂ ᠣᠩᠨᠢᠭᠤᠳ ᠬᠤᠰᠢᠭᠤ ᠨᠡᠩ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠵᠦ᠂ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠪᠡ  ᠃        ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠴᠢ ᠵᠢᠩ ᠸᠧᠶ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠣᠯᠭᠠᠯᠳᠤᠭᠤᠯᠤᠨ ᠰᠣᠯᠢᠯᠴᠠᠬᠤ  ᠪᠠᠨ ᠴᠢᠩᠭᠠᠳᠬᠠᠵᠤ᠂ ᠣᠩᠨᠢᠭᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠠᠬᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠠᠷ ᠬᠤᠯᠪᠣᠨ ᠠᠬᠢᠭᠤᠯᠵᠤ᠂ ᠣᠩᠨᠢᠭᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ  ᠃ ᠡᠭᠦᠨ  ᠤ ᠬᠠᠮᠲᠤ ᠦᠶᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠬᠤ᠂ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠪᠠ ᠴᠢᠳᠠᠪᠤᠷᠢᠲᠠᠨ ᠬᠥᠮᠦᠵᠢᠭᠦᠯᠬᠦ  ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠭᠡᠪᠡ᠃        ᠶᠠᠷᠢᠯᠴᠠᠬᠤ ᠬᠤᠷᠠᠯ ᠲᠡᠭᠦᠰᠦᠭᠰᠡᠨ ᠤ ᠲᠠᠷᠠᠭ᠎ᠠ᠂ ᠮᠥᠩᠭᠡ  ᠂ ᠴᠢ ᠵᠢᠩ ᠸᠧᠢ ᠵᠡᠷᠭᠡ ᠤᠳᠤᠷᠢᠳᠤᠯᠭ᠎ᠠ ᠬᠠᠮᠲᠤ ᠪᠠᠷ ᠭᠡᠷᠰᠡᠩ ᠮᠠᠯ ᠡᠮᠨᠡᠯᠭᠡ ᠶᠢᠨ ᠲᠥᠪ ᠵᠢᠴᠢ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠪᠣᠳᠠᠲᠠᠢ ᠪᠣᠯᠪᠠᠰᠤᠷᠠᠯ ᠤᠨ ᠰᠠᠭᠤᠷᠢᠨ ᠭᠠᠵᠠᠷ ᠤᠨ ᠫᠠᠶᠢᠰᠠ ᠶᠢ ᠰᠡᠬᠦᠵᠦ ᠥᠭᠪᠡ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号