ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ  ᠬᠤᠷᠢᠶ᠎ᠠ ᠠᠷᠪᠠᠨ ᠭᠤᠷᠪᠠᠳᠤᠭᠠᠷ ᠤᠳᠠᠭ᠎ᠠ ᠶᠢᠨ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/11
         12 ᠰᠠᠷ᠎ᠠ ᠶᠢᠨ 8᠎ ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠳᠡᠳ᠋ ᠲᠡᠷᠢᠭᠦᠯᠡᠭᠴᠢ ᠴᠧᠨ ᠰᠦ᠋ ᠮᠧᠶ ᠂ ᠯᠢ ᠶᠠᠨ᠂ ᠰᠠᠶᠢᠨᠪᠠᠲᠤ᠂ ᠶᠠᠩ ᠪᠦᠦ ᠰᠧᠨ ᠬᠤᠷᠠᠯ ᠳᠤ ᠣᠷᠣᠯᠴᠠᠪᠠ᠃ ᠬᠤᠰᠢᠭᠤᠨ  ᠳᠡᠳ᠋ ᠳᠠᠷᠤᠭ᠎ᠠ ᠳ᠋ᠦᠩ ᠵᠢᠦ ᠪᠢᠩ ᠤᠷᠢᠯᠭ᠎ᠠ ᠪᠠᠷ ᠬᠤᠷᠠᠯ ᠳᠤ ᠣᠷᠣᠯᠴᠠᠵᠠᠢ᠃ᠬᠤᠷᠠᠯ ᠠᠴᠠ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠠᠬᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠴᠢᠬᠤᠯᠠ ᠠᠷᠭ᠎ᠠ ᠬᠡᠮᠵᠢᠶ᠎ᠡ ᠮᠥᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠲᠡᠰ ᠳᠡᠪᠰᠢᠬᠦ᠂ ᠦᠷᠭᠦᠯᠵᠢᠯᠡᠨ ᠬᠥᠭᠵᠢᠬᠦ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠎ ᠶᠢ ᠠᠬᠢᠭᠤᠯᠵᠤ᠂ ᠮᠠᠯᠴᠢᠨ ᠲᠠᠷᠢᠶᠠᠴᠢᠨ ᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠨᠠᠩ ᠰᠠᠶᠢᠨ ᠣᠷᠣᠯᠴᠠᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ ᠶᠢᠨ ᠴᠢᠬᠤᠯᠠ ᠠᠴᠢ ᠬᠤᠯᠪᠣᠭᠳᠠᠯ᠂ ᠭᠤᠣᠯ ᠪᠣᠯᠬᠤ ᠠᠷᠭ᠎ᠠ ᠪᠠᠷᠢᠯ ᠪᠠ ᠱᠠᠲᠤ ᠦᠶ᠎ᠡ ᠶᠢᠨ ᠦᠷ᠎ᠡ ᠪᠦᠲᠦᠮᠵᠢ ᠶᠢ ᠴᠠᠭ ᠲᠤᠬᠠᠢ ᠎ ᠳᠤᠨᠢ ᠤᠬᠠᠭᠤᠯᠤᠨ  ᠂ ᠣᠯᠠᠨ ᠲᠦᠮᠡᠨ ᠢ ᠬᠥᠲᠥᠯᠥᠨ ᠢᠳᠡᠪᠬᠢᠲᠡᠢ ᠪᠠᠷ ᠣᠷᠣᠯᠴᠠᠭᠤᠯᠵᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠬᠡᠷᠡᠭᠲᠡᠢ᠃ ᠡᠭᠦᠨ ᠤ ᠵᠡᠷᠭᠡᠪᠡᠷ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠭᠡᠨ ᠢᠶᠠᠷ ᠦᠷᠨᠢᠭᠦᠯᠥᠨ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂  ᠪᠤᠳᠠᠳᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃         ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠠᠬᠢᠭᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠢ ᠰᠠᠨᠠᠯ︾  ᠎ ᠤᠨ ᠵᠣᠷᠢᠭ ᠰᠠᠨᠠᠭ᠎ᠠ ᠶᠢ  ᠰᠤᠷᠤᠯᠴᠠᠭᠰᠠᠨ ᠤ ᠬᠠᠮᠲᠤ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠲᠣᠭᠤᠷᠢᠨ ᠳᠤ ᠲᠤᠰᠬᠠᠢ ᠰᠡᠳᠦᠪ ᠢᠶᠠᠷ ᠵᠥᠪᠳᠡᠯᠴᠡᠪᠡ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号