ᠬᠤᠰᠢᠭᠤᠨ ᠤ ᠳᠥᠷᠪᠡᠨ ᠶᠡᠭᠡ ᠣᠳᠣᠷᠢᠳᠬᠤ ᠪᠠᠭ ᠬᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/11
         12 ᠰᠠᠷ᠎ᠠ ᠶᠢᠨ 10 ᠤ ᠡᠳᠦᠷ᠂ ᠬᠤᠰᠢᠭᠤᠨ ᠤ ᠳᠥᠷᠪᠡᠨ ᠶᠡᠭᠡ  ᠤᠳᠤᠷᠢᠳᠬᠤ ᠪᠠᠭ ᠤᠨ  ᠬᠠᠷᠢᠯᠴᠠᠬᠤ ᠬᠤᠷᠠᠯ ᠬᠤᠷᠠᠯᠳᠤᠵᠤ᠂ ᠨᠠᠮ ᠤᠨ ᠬᠤᠷᠢᠶᠠᠨ ᠤ ᠱᠦᠵᠢ ᠵᠠᠩ ᠭᠦᠸᠧ ᠬᠤᠸᠠ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ   ᠠᠴᠠ 12 ᠰᠠᠷ᠎ᠠ ᠶᠢᠨ 9   ᠤ ᠡᠳᠥᠷ   ᠠᠴᠠ 10 ᠤ ᠡᠳᠦᠷ ᠪᠣᠯᠲᠠᠯ᠎ᠠ ᠬᠤᠷᠠᠯᠳᠤᠭᠰᠠᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠢ  ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ  ᠪᠦᠬᠦ  ᠬᠤᠰᠢᠭᠤᠨ ᠤ ᠣᠶᠢᠷ᠎ᠠ ᠶᠢᠨ ᠬᠤᠭᠤᠴᠠᠭᠠᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠯᠢ ᠢᠦᠢ ᠲᠢᠩ᠂ ᠬᠥᠭᠵᠢᠯᠲᠦ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃       ᠬᠤᠷᠠᠯ ᠠᠴᠠ᠂ ︽ᠲᠠᠪᠤᠨ ᠶᠡᠭᠡ ᠡᠭᠦᠷᠭᠡ︾  ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠵᠡᠭᠦᠨ ᠣᠷᠣᠨ ᠤ ᠡᠯᠡᠰᠦ ᠶᠢ ᠵᠠᠰᠠᠬᠤ᠂ ᠪᠠᠷᠠᠭᠤᠨ ᠣᠷᠣᠨ ᠤ ᠬᠥᠷᠥᠰᠥ ᠰᠢᠷᠣᠢ ᠶᠢ ᠵᠠᠰᠠᠬᠤ᠂ ᠳᠤᠮᠳᠠ ᠣᠷᠣᠨ ᠤ ᠬᠢᠨ ᠬᠦᠷᠢᠶᠡᠯᠡᠩ ᠲᠣᠭᠤᠷᠢᠭ ᠢ ᠠᠳᠬᠤᠬᠤ᠂ ᠪᠦᠬᠦ ᠣᠷᠣᠨ ᠪᠦᠰᠡ ᠪᠠᠷ ᠵᠤᠭᠠᠴᠠᠯ   ᠢ ᠠᠳᠬᠤᠬᠤ︾ ᠪᠣᠳᠠᠲᠠᠢ ᠦᠢᠯᠡᠳᠦᠯᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠲᠦᠯᠥᠪᠵᠢᠭᠦᠯᠥᠨ᠂ ᠲᠣᠭᠲᠠᠴᠠ ᠶᠢᠨ ᠰᠢᠨ᠎ᠡ ᠶᠢ ᠡᠭᠦᠳᠴᠦ᠂ ᠭᠦᠢᠴᠡᠵᠦ ᠳᠠᠪᠠᠭ᠋ᠤ ᠪᠠᠷ ᠬᠦᠴᠦᠯᠡᠨ ᠴᠢᠷᠮᠠᠶᠢᠵᠤ᠂ ᠬᠤᠷᠴᠢᠨ ᠤ ᠡᠯᠡᠰᠥ ᠶᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠡᠷᠬᠡᠪᠰᠢ ᠣᠯᠬᠤ ᠪᠠᠷ ᠰᠠᠶᠢᠲᠤᠷ ᠴᠢᠷᠮᠠᠶᠢᠨ ᠠᠵᠢᠯᠯᠠᠬᠤ ᠬᠡᠷᠡᠭᠲᠡᠢ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠠᠵᠠ ᠲᠣᠬᠢᠶᠠᠯ ᠢ ᠡᠵᠡᠮᠳᠡᠨ᠂ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠬᠦ ᠪᠠ  ᠬᠤᠪᠢᠷᠠᠭᠤᠯᠤᠨ ᠠᠰᠢᠭᠯᠠᠬᠤ ᠲᠠᠯ᠎ᠠ ᠪᠠᠷ ᠶᠡᠭᠡ ᠪᠠᠷ ᠠᠵᠢᠯᠯᠠᠵᠤ ᠲᠦᠷᠭᠡᠨ  ᠬᠦᠭᠵᠢᠭᠦᠯᠥᠨ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠰᠢᠨ᠎ᠡ ᠪᠠᠷ ᠠᠵᠢᠯ ᠡᠬᠢᠯᠡᠭᠦᠯᠬᠦ ᠲᠥᠷᠥᠯ ᠵᠦᠢᠯ ᠢ ᠶᠡᠭᠡ ᠪᠠᠷ ᠠᠬᠢᠭᠤᠯᠤᠨ᠂  ᠦᠢᠯᠡᠳᠪᠥᠷᠢᠯᠡᠯ ᠢᠶᠠᠨ ᠡᠬᠢᠯᠡᠭᠦᠯᠥᠭᠰᠡᠨ ᠲᠡᠮᠦᠷᠯᠢᠭ  ᠪᠤᠯᠪᠠᠰᠤᠷᠠᠭᠤᠯᠬᠤ ᠠᠵᠤ ᠦᠢᠯᠡᠰ ᠵᠡᠷᠭᠡ ᠪᠣᠬᠢᠷᠲᠤᠯ ᠦᠭᠡᠢ ᠥᠨᠳᠥᠷ ᠡᠨᠧᠷᠭᠢ ᠶᠢᠨ ᠲᠥᠷᠥᠯ ᠵᠦᠢᠯ ᠢ ᠬᠦᠴᠦᠯᠡᠨ ᠣᠷᠣᠭᠤᠯᠵᠤ᠂ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠬᠡᠨ ᠠᠪᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠭᠡ ᠬᠡᠪᠴᠢᠶᠡᠨ ᠤ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠪᠠᠷ ᠦᠩᠭᠡᠳᠥ ᠲᠡᠮᠦᠷᠯᠢᠭ ᠤᠨ ᠠᠵᠤ ᠦᠢᠯᠡᠰ ᠵᠡᠷᠭᠡ ᠥᠨᠳᠥᠷ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ  ᠪᠤᠵᠠᠭᠠᠶᠢᠷᠠᠭᠤᠯᠬᠤ ᠬᠡᠷᠡᠭᠳᠡᠢ ᠭᠡᠵᠡᠢ᠃       ᠬᠤᠷᠠᠯ ᠠᠴᠠ᠂ ᠥᠪᠥᠷ ᠮᠣᠩᠭᠤᠯ ᠤᠨ ᠤᠯᠠᠭᠠᠨᠬᠠᠳᠠ ᠶᠢᠨ ᠲᠠᠷᠢᠶᠠᠯᠠᠩ  ᠮᠠᠯᠵᠢᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ  ᠨᠡᠬᠡᠭᠡᠯᠳᠡ ᠶᠢᠨ  ᠲᠤᠭᠤᠷᠢᠭ ᠤᠨ ᠠᠵᠤ ᠦᠢᠯᠡᠰ ᠤᠨ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ ᠪᠠᠷ ᠳᠠᠮᠵᠢᠭᠤᠯᠵᠤ᠂ 100 ᠲᠦᠮᠡᠨ ᠲᠣᠨ ᠤ ᠰᠢᠨ᠎ᠡ  ᠮᠠᠲ᠋ᠧᠷᠢᠶᠠᠯ ᠤᠨ ᠬᠠᠶᠢᠯᠤᠰᠢ ᠪᠠᠷ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ︔  ᠨᠡᠬᠡᠭᠡᠯᠳᠡ ᠶᠢᠨ ᠲᠣᠭᠤᠷᠢᠭ ᠤᠨ ᠨᠡᠮᠡᠭᠳᠡᠯ ᠴᠠᠬᠢᠯᠭᠠᠨ ᠲᠤᠤᠷᠵᠢᠯ ᠤᠨ ᠳᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠦ᠂  ᠪᠣᠬᠢᠷᠲᠤᠯ ᠦᠭᠡᠢ ᠲᠡᠷᠢᠭᠦᠨ ᠤ ᠦᠨᠳᠥᠷ ᠡᠨᠧᠷᠭᠢ   ᠶᠢᠨ ᠠᠴᠢᠶᠠᠯᠠᠪᠤᠷᠢ᠂  ᠦᠨᠳᠥᠷ ᠡᠨᠧᠷᠭᠢ ᠶᠢᠨ ᠬᠡᠷᠡᠭᠯᠡᠯᠳᠡ ᠶᠢᠨ ᠳᠦᠷᠦᠯ ᠵᠦᠢᠯ ᠢ ᠣᠷᠣᠭᠤᠯᠤᠨ ᠠᠪᠴᠢᠷᠠᠬᠤ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠭᠤᠷᠬᠠᠢ ᠡᠷᠢᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠭᠤᠷᠬᠠᠢ ᠶᠢᠨ ᠦᠢᠯᠡᠰ ᠤᠨ ᠠᠵᠤ ᠠᠬᠤᠢ ᠶᠢ ᠪᠤᠵᠠᠭᠠᠶᠢᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠠᠵᠢᠯ ᠪᠣᠯᠣᠨ ᠪᠦᠬᠦ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠲᠣᠭᠲᠠᠭᠤᠨ ᠤ ᠳᠤᠮᠳᠠ  ᠤᠷᠤᠭᠰᠢᠯᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ᠭᠡᠵᠥ ᠵᠢᠭᠠᠵᠤ ᠭᠠᠷᠭᠠᠭᠰᠠᠨ ᠪᠠᠶᠢᠨ᠎ᠠ᠃       ᠬᠤᠷᠠᠯ  ᠠᠴᠠ ᠴᠢᠬᠤᠯᠠᠴᠢᠯᠠᠭᠰᠠᠨ ᠨᠢ᠂  ᠠᠵᠤ ᠦᠢᠯᠡᠳᠪᠦᠷᠢ ᠶᠢ ᠶᠡᠭᠡ ᠪᠠᠷ ᠠᠳᠬᠤᠬᠤ᠂ ᠠᠷᠠᠯᠵᠢᠶᠠᠴᠢᠨ ᠤᠷᠢᠬᠤ ᠶᠢ ᠶᠡᠭᠡ ᠪᠠᠷ ᠠᠳᠬᠤᠬᠤ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ ᠠᠵᠤ ᠦᠢᠯᠡᠳᠪᠦᠷᠢ ᠶᠢᠨ ᠲᠠᠯ᠎ᠠ  ᠠᠴᠠ ᠭᠠᠷᠬᠤ ᠵᠠᠮ ᠡᠷᠢᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠣᠷᠣᠯᠭ᠎ᠠ ᠶᠢᠨ ᠨᠡᠮᠡᠭᠳᠡᠯ ᠢ ᠪᠠᠲᠤᠯᠠᠬᠤ ᠬᠡᠷᠡᠭᠲᠡᠢ ᠭᠡᠵᠡᠢ᠃       ᠬᠤᠷᠠᠯ ᠠᠴᠠ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠨᠡᠩ ᠶᠡᠭᠡ ᠡᠷᠴᠢᠮ ᠲᠠᠢ  ᠪᠣᠳᠠᠲᠠᠢ ᠠᠷᠭ᠎ᠠ ᠬᠡᠮᠵᠢᠶ᠎ᠡ ᠪᠠᠷ ᠰᠢᠶᠠᠨ ᠤ ᠬᠡᠪᠴᠢᠶᠡᠨ ᠤ ᠠᠵᠤ ᠠᠬᠤᠢ ᠶᠢᠨ ᠲᠡᠷᠢᠭᠦᠨ ᠤ  ᠡᠩᠨᠡᠭᠡᠨ ᠳᠤ ᠣᠷᠣᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠬᠡᠷᠡᠭᠲᠡᠢ᠃ ᠠᠶᠤᠯᠭᠦᠢ ᠦᠢᠯᠡᠳᠪᠥᠷᠢᠯᠡᠯ ᠢ ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ᠠᠶᠤᠯ ᠦᠭᠡᠢ ᠦᠢᠯᠡᠳᠪᠦᠷᠢᠯᠡᠯ ᠤᠨ ᠬᠦᠨᠳᠦ  ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠡᠩ ᠤᠨ ᠠᠳᠡᠯ ᠭᠠᠷᠬᠤ ᠶᠢ ᠠᠯᠢ ᠴᠢᠳᠠᠬᠤ ᠪᠠᠷ ᠪᠠᠭᠠᠰᠬᠠᠵᠤ᠂ ᠥᠷᠭᠡᠨ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠥ ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号