ᠮᠠᠨ ᠤ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽  ᠴᠠᠭᠠᠰᠤᠨ ᠦᠨᠡᠮᠯᠡᠯ ᠢ ᠬᠡᠯᠲᠦᠷᠢᠭᠦᠯᠬᠦ ︾ ᠢ ᠬᠡᠷᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/12/19
         ᠡᠯᠧᠺᠲᠷᠣᠨ ᠦᠨᠡᠮᠯᠡᠯ ᠤᠨ ᠠᠵᠢᠯ ᠠᠯᠤᠰᠯᠠᠨ᠂ ᠰᠠᠯᠠᠭ᠎ᠠ ᠮᠥᠴᠢᠷ ᠠᠯᠤᠰᠯᠠᠨ᠂ ᠣᠷᠣᠨ ᠪᠦᠰᠡ ᠠᠯᠤᠰᠯᠠᠨ ᠬᠠᠮᠲᠤ ᠪᠠᠷ ᠡᠳ᠋ᠯᠡᠵᠦ ᠬᠡᠷᠡᠭᠯᠡᠬᠦ ᠶᠢ ᠪᠡᠶᠡᠯᠡᠭᠦᠯᠬᠦ ᠶᠢᠨ ᠲᠥᠯᠥᠭᠡ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠥᠪᠥᠷ ᠮᠣᠩᠭᠤᠯ ᠤᠨ ᠡᠯᠧᠺᠲᠷᠣᠨ ᠦᠨᠡᠮᠯᠡᠯ ᠤᠨ ᠰᠢᠰᠲ᠋ᠧᠮ ᠳᠤ ᠲᠦᠰᠢᠭᠯᠡᠨ᠂ 966 ᠵᠦᠢᠯ ᠤᠨ ︽ᠴᠠᠭᠠᠰᠤᠨ  ᠦᠨᠡᠮᠯᠡᠯ ᠢ ᠬᠡᠯᠲᠦᠷᠢᠭᠦᠯᠬᠦ︾ ᠵᠦᠢᠯᠡᠰ ᠤᠨ ᠨᠠᠷᠢᠨ ᠲᠠᠩᠰᠠ ᠶᠢ ᠡᠮᠬᠢᠯᠡᠨ ᠳᠢᠭᠯᠡᠪᠡ᠃          ︽ ᠴᠠᠭᠠᠰᠤᠨ ᠦᠨᠡᠮᠯᠡᠯ ᠢ ᠬᠡᠯᠲᠦᠷᠢᠭᠦᠯᠬᠦ︾ ᠨᠢ ᠡᠯᠧᠺᠲᠷᠣᠨ ᠦᠨᠡᠮᠯᠡᠯ  ᠤᠨ ᠲᠤᠬᠠᠶᠢᠯᠠᠭᠰᠠᠨ ᠠᠵᠢᠯ ᠂ ᠰᠠᠯᠠᠭ᠎ᠠ ᠮᠥᠴᠢᠷ᠂ ᠣᠷᠣᠨ ᠪᠦᠰᠡ ᠠᠯᠤᠰᠯᠠᠨ ᠬᠠᠮᠲᠤ ᠪᠠᠷ ᠡᠳ᠋ᠯᠡᠵᠦ ᠬᠡᠷᠡᠭᠯᠡᠬᠦ ᠶᠢ ᠪᠡᠶᠡᠯᠡᠭᠦᠯᠪᠡ᠃ ᠡᠨᠡ ᠨᠢ ᠠᠵᠤ ᠠᠬᠤᠶᠢᠯᠠᠯ ᠴᠤ ᠲᠡᠷᠡ᠂ ᠬᠤᠪᠢ ᠬᠥᠮᠥᠨ ᠴᠦ ᠲᠡᠷᠡ᠂ ᠴᠠᠭᠠᠰᠤᠨ ᠭᠡᠷᠡᠴᠢᠯᠡᠯ ᠤᠨ ᠮᠠᠲ᠋ᠧᠷᠢᠶᠠᠯ ᠢ ᠳᠠᠭᠢᠵᠤ ᠲᠤᠰᠢᠶᠠᠬᠤ ᠴᠢᠬᠤᠯᠠ ᠦᠭᠡᠢ ᠪᠤᠯᠵᠤ᠂ ᠬᠠᠷᠢᠨ ᠡᠯᠧᠺᠲᠷᠣᠨ ᠭᠡᠷᠡᠴᠢᠯᠡᠯ ᠤᠨ ᠬᠡᠯᠪᠡᠷᠢ ᠪᠠᠷ ᠰᠢᠯᠭᠠᠨ ᠪᠠᠲᠤᠯᠠᠬᠤ ᠪᠠ ᠬᠢᠨᠠᠨ ᠬᠠᠷᠭᠤᠭᠤᠯᠬᠤ ᠪᠤᠯᠤᠭᠰᠠᠨ ᠢ ᠬᠠᠷᠠᠭᠤᠯᠵᠤ ᠪᠠᠶᠢᠨ᠎ᠠ᠃ ᠡᠨᠡ ᠬᠦ ᠠᠷᠭ᠎ᠠ ᠬᠡᠮᠵᠢᠶ᠎ᠡ ᠨᠢ ᠤᠴᠢᠷ ᠶᠠᠪᠤᠳᠠᠯ ᠰᠢᠢᠳᠪᠦᠷᠢᠯᠡᠬᠦ ᠶᠠᠪᠤᠴᠠ ᠶᠢ ᠳᠥᠭᠦᠮᠴᠢᠯᠡᠵᠦ᠂ ᠰᠢᠢᠳᠪᠦᠷᠢᠯᠡᠬᠦ ᠴᠠᠭ ᠢ ᠪᠤᠭᠤᠨᠢᠰᠬᠠᠨ᠂ ᠠᠵᠤ ᠠᠬᠤᠶᠢᠯᠠᠯ ᠪᠤᠯᠤᠨ ᠤᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠶᠡᠭᠡ ᠬᠡᠮᠵᠢᠶ᠎ᠡ ᠪᠠᠷ ᠲᠦᠬᠦᠮ ᠦᠵᠡᠭᠦᠯᠥᠭᠰᠡᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号