ᠮᠠᠨ ᠤ ᠬᠤᠰᠢᠭᠤ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ ᠪᠠ ᠬᠡᠷᠡᠭᠯᠡᠬᠦ ᠪᠤᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2023/12/19
      12 ᠰᠠᠷ᠎ᠠ ᠶᠢᠨ 18 ᠤ ᠡᠳᠦᠷ ᠮᠠᠨ ᠤ ᠬᠤᠰᠢᠭᠤ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ ᠪᠠ ᠬᠡᠷᠡᠭᠯᠡᠬᠦ ᠪᠤᠯᠪᠠᠰᠤᠷᠠᠯ ᠤᠨ ᠠᠩᠬᠢ ᠡᠷᠬᠢᠯᠡᠪᠡ᠃ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠲᠠᠸᠠᠷ ᠤᠨ ᠲᠡᠮᠳᠡᠭ ᠤᠨ ᠲᠣᠪᠴᠢᠶ᠎ᠠ ᠶᠢᠨ ᠤᠤᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠣᠣ ᠺᠦᠨ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠰᠢᠩ ᠶᠤᠸᠠᠨ ᠪᠤᠯᠤᠨ ᠬᠤᠰᠢᠭᠤᠨ ᠳᠡᠳ᠋ ᠳᠠᠷᠤᠭ᠎ᠠ ᠯᠢ ᠬᠤᠶ ᠠᠵᠢᠯᠯᠠᠭ᠎ᠠ ᠳᠤ ᠣᠷᠣᠯᠴᠠᠵᠠᠢ᠃       ᠲᠣᠰ ᠤᠳᠠᠭᠠᠨ ᠤ ᠪᠤᠯᠪᠠᠰᠤᠷᠠᠯ ᠠᠴᠠ ᠤᠷᠤᠨ ᠨᠤᠲᠤᠭ ᠤᠨ ᠤᠨᠴᠠᠯᠢᠭ ᠢ ᠠᠮᠢᠳᠤᠯᠢᠭ ᠬᠡᠷᠡᠭᠯᠡᠵᠦ᠂ ᠤᠷᠤᠨ ᠨᠤᠲᠤᠭ ᠤᠨ  ᠤᠨᠴᠠᠯᠢᠭᠲᠤ ᠪᠦᠲᠦᠭᠡᠭᠳᠡᠬᠦᠨ ᠢ ᠪᠣᠶᠢᠵᠢᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠥᠨ᠂ ᠤᠷᠤᠨ ᠨᠤᠲᠤᠭ ᠤᠨ ᠤᠨᠴᠠᠯᠢᠭ ᠤᠨ ᠬᠡᠷᠡᠭᠯᠡᠯᠲᠡ ᠳᠡᠯᠭᠡᠷᠡᠭᠦᠯᠦᠯᠲᠡ ᠵᠢᠴᠢ ᠬᠠᠮᠠᠭᠠᠯᠠᠯᠲᠠ ᠶᠢ ᠴᠢᠩᠭᠠᠳᠬᠠᠵᠤ᠂ ᠤᠷᠤᠨ ᠨᠤᠲᠤᠭ ᠤᠨ  ᠤᠨᠴᠠᠯᠢᠭᠲᠤ ᠪᠦᠲᠦᠭᠡᠭᠳᠡᠬᠦᠨ ᠤ ᠣᠶᠢᠯᠠᠭᠠᠭᠳᠠᠬᠤᠨ ᠪᠠ ᠦᠷᠳᠡᠭ ᠢ  ᠨᠡᠮᠡᠭᠳᠡᠭᠦᠯᠥᠨ  ᠂  ᠤᠷᠤᠨ ᠨᠤᠲᠤᠭ ᠤᠨ  ᠤᠨᠴᠠᠯᠢᠭᠲᠤ ᠲᠠᠷᠢᠶᠠᠯᠠᠩ ᠢ ᠬᠥᠭᠵᠢᠭᠦᠯᠵᠦ᠂ ᠠᠷᠠᠳ ᠢ ᠪᠠᠶᠠᠵᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠬᠢᠴᠠ ᠳᠠᠬᠢ ᠴᠢᠬᠤᠯᠠ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ  ᠭᠡᠵᠡᠢ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号