《 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠭᠠᠷᠴᠠᠭ ᠢ ᠨᠡᠶᠢᠲᠡᠯᠡᠬᠦ ᠲᠤᠬᠠᠶ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ 》 ᠤᠨ ᠲᠠᠶᠢᠯᠤᠮᠵᠢ
ᠨᠡᠶᠢᠲᠡᠯᠡᠭᠰᠡᠨ ᠴᠠᠭ᠄
2023/12/25
  ᠨᠢᠭᠡ᠂ ᠠᠬᠤᠢ ᠪᠠᠶᠢᠳᠠᠯ        《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ 》 ( ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ ) ᠶᠢᠨ ᠬᠤᠯᠪᠣᠭᠳᠠᠯ ᠪᠥᠬᠦᠶ ᠲᠣᠭᠲᠠᠭᠠᠯ ᠪᠠ 《 ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ ᠳᠢᠭᠯᠡᠬᠦ ᠠᠵᠢᠯ ᠥᠷᠨᠢᠭᠦᠯᠬᠦ ᠲᠤᠬᠠᠶ ᠮᠡᠳᠡᠭᠳᠡᠯ 》 ( ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ 2023 . 44 ᠳ᠋ᠦ᠋ᠭᠡᠷ ᠲᠣᠭᠠᠲᠤ ) ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ 2022 ᠣᠨ ᠤ 1 ᠳ᠋ᠦ᠋ᠭᠡᠷ ᠰᠠᠷ᠎ᠠ  ᠶᠢᠨ 1 ᠤ ᠡᠳᠦᠷ ᠠᠴᠠ 2023 ᠣᠨ ᠤ 9 ᠳ᠋ᠦ᠋ᠭᠡᠷ ᠰᠠᠷ᠎ᠠ ᠶᠢᠨ 20 ᠤ ᠡᠳᠦᠷ ᠪᠣᠯᠲᠠᠯᠠᠬᠢ ᠬᠤᠭᠤᠴᠠᠭᠠᠨ ᠳᠤ ᠲᠣᠭᠲᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠳᠠᠷᠤᠮᠠᠯᠯᠠᠨ ᠲᠠᠷᠬᠠᠭᠠᠭᠰᠠᠨ ᠦᠷᠭᠦᠯᠵᠢᠯᠡᠨ ᠬᠦᠴᠦᠨ ᠲᠠᠢ ᠪᠠᠶᠢᠬᠤ ᠭᠠᠷᠴᠠᠭ ᠲᠤ ᠣᠷᠣᠭᠤᠯᠤᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠤᠨ ᠳᠢᠭᠯᠡᠪᠡ᠃        《 ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 〈 ᠣᠩᠨᠢᠭᠤᠳ ᠬᠤᠰᠢᠭᠤᠨ ᠤ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ 〉 ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ 》 ( ᠣᠩᠨᠢᠭᠤᠳ ᠵᠠᠰᠠᠭ ᠲᠠᠷᠬᠠᠭᠠᠭᠰᠠᠨ  ﹇2016  ﹈  257 ᠳ᠋ᠤᠭᠠᠷ ᠲᠣᠭᠠᠲᠤ ) ᠵᠡᠷᠭᠡ 5 ᠬᠤᠪᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠪᠠᠷ ᠲᠣᠭᠲᠠᠭᠠᠪᠠ᠃       《 ᠣᠩᠨᠢᠭᠤᠳ ᠬᠤᠰᠢᠭᠤᠨ ᠤ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ 》 ᠶᠢ ᠳᠠᠷᠤᠮᠠᠯᠯᠠᠨ ᠲᠠᠷᠬᠠᠭᠠᠬᠤ ᠲᠤᠬᠠᠶ ᠣᠩᠨᠢᠭᠤᠳ ᠬᠤᠰᠢᠭᠤᠨ ᠤ ᠠᠷᠠᠳ ᠤᠨ ᠵᠠᠰᠠᠭ  ᠤᠨ ᠣᠷᠳᠣᠨ ᠤ ᠠᠯᠪᠠᠨ ᠬᠡᠷ ᠤᠨ ᠮᠡᠳᠡᠭᠳᠡᠯ 》 ( ᠣᠩᠨᠢᠭᠤᠳ ᠠᠯᠪᠠᠨ ᠲᠠᠷᠬᠠᠭᠠᠭᠰᠠᠨ    ﹇2013﹈ 104 ᠳ᠋ᠦ᠋ᠭᠡᠷ ᠲᠣᠭᠠᠲᠤ ) ᠵᠡᠷᠭᠡ 41 ᠬᠤᠪᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠬᠦᠴᠦᠨ ᠥᠬᠡᠶ ᠪᠣᠯᠤᠭᠰᠠᠨ ᠢ ᠵᠠᠷᠯᠠᠪᠠ᠃       《 ᠣᠩᠨᠢᠭᠤᠳ ᠬᠤᠰᠢᠭᠤᠨ ᠤ ᠰᠤᠷᠭᠠᠭᠤᠯᠢ ᠶᠢᠨ ᠲᠡᠷᠭᠡ ᠶᠢᠨ ᠺᠣᠮᠫᠠᠨᠢᠴᠢᠯᠠᠨ ᠡᠵᠡᠩᠨᠡᠬᠦ ᠬᠠᠮᠢᠶᠠᠷᠤᠯᠲᠠ  ᠶᠢᠨ ᠠᠷᠭ᠎ᠠ 》 ᠵᠡᠷᠭᠡ 25 ᠬᠤᠪᠢ ᠵᠠᠰᠠᠭ ᠵᠠᠬᠢᠷᠭᠠᠨ ᠤ ᠳᠦᠷᠢᠮᠵᠢᠭᠰᠡᠨ ᠪᠢᠴᠢᠭ ᠮᠠᠲ᠋ᠧᠷᠢᠶᠠᠯ ᠦᠷᠭᠦᠯᠵᠢᠯᠡᠨ ᠬᠦᠴᠦᠨ ᠲᠠᠢ᠃         ᠬᠠᠮᠢᠶ᠎ᠠ ᠪᠦᠬᠦᠢ ᠬᠡᠯᠬᠢᠶ᠎ᠡ᠄ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠭᠠᠷᠴᠠᠭ ᠢ ᠨᠡᠶᠢᠲᠡᠯᠡᠬᠦ ᠲᠤᠬᠠᠶ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ᠃关于《翁牛特旗人民政府关于公布规范性文件清理目录的通知》的解读
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号