︽ᠣᠩᠨᠢᠭᠤᠳ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ 》 ᠶᠢᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2023/12/25
       ᠨᠢᠭᠡ᠂ ᠠᠬᠤᠶ ᠪᠠᠶᠢᠳᠠᠯᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠳ᠋  ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠨ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠨ ᠲᠣᠭᠲᠠᠭᠠᠬᠤ ᠦᠷ᠎ᠡ ᠪᠦᠲᠦᠮᠵᠢ ᠪᠣᠯᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠤᠰᠠᠳᠠ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃        ᠬᠤᠶᠠᠷ᠂ ᠰᠢᠯᠭᠠᠷᠠᠭᠤᠯᠬᠤ ᠪᠠᠶᠢᠭᠤᠯᠤᠮᠵᠢ ᠵᠢᠴᠢ ᠡᠭᠦᠷᠭᠡ ᠴᠢᠳᠠᠪᠤᠷᠢᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠪᠣᠯ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠬᠤ ᠪᠥᠭᠡᠳ ᠲᠡᠭᠦᠨ ᠤ ᠬᠠᠷᠢᠶ᠎ᠠ ᠪᠦᠬᠦᠢ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠪᠠᠶᠢᠭᠤᠯᠤᠮᠵᠢ ( ᠳᠣᠷᠣᠭᠰᠢ ᠬᠢᠨᠠᠨ ᠲᠣᠭᠲᠠᠭᠠᠬᠤ ᠪᠠᠶᠢᠭᠤᠯᠤᠮᠵᠢ ᠭᠡᠵᠦ ᠲᠣᠪᠴᠢᠯᠠᠨ᠎ᠠ ) ᠠᠴᠠ ᠬᠢᠨᠠᠨ ᠲᠣᠭᠲᠠᠭᠠᠬᠤ ᠪᠠ ᠬᠠᠮᠢᠶᠠᠷᠬᠤ ᠪᠣᠳᠠᠲᠠᠶ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠦᠨᠡᠯᠡᠨ ᠬᠢᠨᠠᠬᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠢᠷᠢ ᠴᠢᠳᠠᠮᠵᠢ ᠲᠠᠢ ᠨᠡᠶᠢᠭᠡᠮ ᠤᠨ ᠵᠠᠭᠤᠴᠢ ᠪᠠᠶᠢᠭᠤᠯᠤᠮᠵᠢ ᠶᠢ ᠤᠷᠢᠨ ᠬᠡᠷᠡᠭᠯᠡᠵᠦ ᠬᠠᠪᠰᠤᠷᠤᠨ ᠦᠨᠡᠯᠡᠨ ᠬᠢᠨᠠᠬᠤ ᠬᠡᠷᠡᠭᠲᠡᠶ᠃        ᠭᠤᠷᠪᠠ᠂ ᠰᠢᠯᠭᠠᠷᠠᠭᠤᠯᠬᠤ ᠬᠡᠪᠴᠢᠶ᠎ᠡᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠬᠡᠷᠡᠭᠯᠡᠭᠰᠡᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ ᠪᠤᠰᠤᠳ ᠵᠠᠷᠤᠯᠭ᠎ᠠ ᠶᠢᠨ ᠲᠥᠷᠥᠯ ᠵᠦᠶᠯ ᠪᠦᠬᠦᠨ ᠢ ᠲᠣᠭᠲᠠᠭᠠᠯ ᠶᠣᠰᠣᠭᠠᠷ ᠬᠢᠨᠠᠨ ᠲᠣᠭᠲᠠᠭᠠᠬᠤ ᠬᠡᠷᠡᠭᠲᠡᠶ᠃       ( ᠨᠢᠭᠡ ) ᠲᠥᠰᠦᠪ ᠢ ᠬᠢᠨᠠᠨ ᠲᠣᠭᠲᠠᠭᠠᠬᠤ ᠬᠢᠵᠠᠭᠠᠷ ᠲᠤᠭ᠎ᠠ᠄        1 . ᠪᠠᠷᠢᠯᠭ᠎ᠠ ᠶᠢᠨ ᠲᠥᠷᠥᠯ ᠤᠨ ᠲᠥᠷᠥᠯ ᠵᠦᠶᠯ ᠤᠨ ᠲᠥᠰᠦᠪ ᠤᠨ ᠵᠣᠭᠤᠰ ᠤᠨ ᠲᠤᠭ᠎ᠠ ᠨᠢ 10 ᠲᠦᠮᠡᠨ ᠲᠥᠭᠦᠷᠢᠭ ᠠᠴᠠ ᠳᠡᠭᠡᠭᠰᠢ ( 10 ᠲᠦᠮᠡᠨ ᠲᠥᠭᠦᠷᠢᠭ ᠢ ᠪᠠᠭᠲᠠᠭᠠᠬᠤ ᠥᠬᠡᠶ ) ᠪᠠᠶᠢᠪᠠᠯ ᠲᠥᠰᠦᠪ ᠤᠨ ᠬᠢᠨᠠᠨ ᠲᠣᠭᠲᠠᠭᠠᠯᠲᠠ ᠬᠢᠬᠦ ᠬᠡᠷᠡᠭᠲᠡᠶ᠃        2 . ᠡᠳ᠋ ᠪᠠᠷᠠᠭ᠎ᠠ᠂ ᠦᠶᠯᠡᠴᠢᠯᠡᠭᠡᠨ ᠤ ᠲᠥᠷᠥᠯ ᠤᠨ ᠲᠥᠷᠥᠯ ᠵᠦᠶᠯ ᠤᠨ ᠲᠥᠰᠦᠪ ᠤᠨ ᠵᠣᠭᠤᠰ ᠤᠨ ᠲᠤᠭ᠎ᠠ ᠨᠢ 10 ᠲᠦᠮᠡᠨ ᠲᠥᠭᠦᠷᠢᠭ ᠠᠴᠠ ᠳᠡᠭᠡᠭᠰᠢ ( 10 ᠲᠦᠮᠡᠨ ᠲᠥᠭᠦᠷᠢᠭ ᠢ ᠪᠠᠭᠲᠠᠭᠠᠬᠤ ᠥᠬᠡᠶ ) ᠪᠠᠶᠢᠪᠠᠯ ᠲᠥᠰᠦᠪ ᠤᠨ ᠬᠢᠨᠠᠨ ᠲᠣᠭᠲᠠᠭᠠᠯᠲᠠ ᠬᠢᠬᠦ ᠬᠡᠷᠡᠭᠲᠡᠶ᠃        ( ᠬᠤᠶᠠᠷ ) ᠳ᠋ᠦᠩᠨᠡᠨ ᠪᠣᠳᠣᠵᠤ ᠬᠢᠨᠠᠨ ᠲᠣᠭᠲᠠᠭᠠᠬᠤ ᠬᠢᠵᠠᠭᠠᠷ ᠲᠤᠭ᠎ᠠ᠄        1 . ᠪᠠᠷᠢᠯᠭ᠎ᠠ ᠶᠢᠨ ᠲᠥᠷᠥᠯ ᠤᠨ ᠲᠥᠷᠥᠯ ᠵᠦᠶᠯ᠂ ᠬᠦᠷᠭᠡᠵᠦ ᠬᠢᠨᠠᠭᠤᠯᠬᠤ ᠵᠣᠭᠤᠰ ᠤᠨ ᠲᠤᠭ᠎ᠠ ᠨᠢ 10 ᠲᠦᠮᠡᠨ ᠲᠥᠭᠦᠷᠢᠭ ᠠᠴᠠ ᠳᠡᠭᠡᠭᠰᠢ ( 10 ᠲᠦᠮᠡᠨ ᠲᠥᠭᠦᠷᠢᠭ ᠢ ᠪᠠᠭᠲᠠᠭᠠᠬᠤ ᠥᠬᠡᠶ ) ᠪᠣᠯ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠳ᠋ᠦᠩᠨᠡᠨ ᠪᠤᠳᠤᠵᠤ ᠬᠢᠨᠠᠨ ᠲᠣᠭᠲᠠᠭᠠᠨ᠎ᠠ᠂ 10 ᠲᠦᠮᠡᠨ ᠲᠥᠭᠦᠷᠢᠭ ᠠᠴᠠ ᠳᠣᠭᠤᠭᠰᠢ ( 10 ᠲᠦᠮᠡᠨ ᠲᠥᠭᠦᠷᠢᠭ ᠢ ᠪᠠᠭᠲᠠᠭᠠᠨ᠎ᠠ ) ᠪᠣᠯ ᠪᠥᠲᠥᠭᠡᠨ ᠪᠠᠶᠢᠭᠤᠯᠬᠤ ᠨᠢᠭᠡᠴᠢ ᠥᠪᠡᠰᠦᠪᠡᠨ ᠬᠢᠷᠢ ᠬᠡᠮ ᠲᠠᠢ ᠭᠤᠷᠪᠠᠨ ᠲᠠᠯ᠎ᠠ ᠶᠢᠨ ᠪᠠᠶᠢᠭᠤᠯᠤᠮᠵᠢ ᠳᠤ ᠨᠠᠶᠢᠳᠠᠵᠤ ᠳ᠋ᠦᠩᠨᠡᠨ ᠪᠤᠳᠤᠵᠤ ᠬᠢᠨᠠᠨ ᠲᠣᠭᠲᠠᠭᠠᠨ᠎ᠠ︔ ᠶᠡᠷᠦᠩᠬᠡᠶ ᠳᠠᠭᠠᠭᠠᠴᠢᠯᠠᠯᠲᠠ ᠶᠢᠨ ᠲᠥᠷᠥᠯ ᠵᠦᠶᠯ ᠤᠨ ᠵᠣᠭᠤᠰᠣᠨ ᠤ ᠶᠡᠭᠡ ᠪᠠᠭ᠎ᠠ ᠶᠢ ᠢᠯᠭᠠᠬᠤ ᠥᠬᠡᠶ ᠪᠠᠷ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠠᠴᠠ ᠪᠥᠬᠦ ᠶᠠᠪᠤᠴᠠ ᠶᠢ ᠮᠥᠷᠳᠡᠨ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       2 . ᠡᠳ᠋ ᠪᠠᠷᠠᠭ᠎ᠠ᠂ ᠦᠶᠯᠡᠴᠢᠯᠡᠭᠡᠨ ᠤ ᠲᠥᠷᠥᠯ ᠤᠨ ᠲᠥᠷᠥᠯ ᠵᠦᠶᠯ ᠳᠤ ᠡᠳ᠋ ᠤᠨ ᠵᠠᠰᠠᠭ ᠤᠨ ᠲᠥᠰᠦᠪ  ᠤᠨ ᠬᠢᠨᠠᠨ ᠲᠣᠭᠲᠠᠭᠠᠭᠰᠠᠨ ᠰᠠᠨᠠᠯ ᠢ ᠦᠨᠳᠦᠰᠦᠯᠡᠨ ᠳᠠᠭᠠᠭᠠᠴᠢᠯᠠᠯᠲᠠ ᠵᠠᠷᠯᠠᠬᠤ᠂ ᠬᠤᠳᠠᠯᠳᠤᠨ ᠠᠪᠬᠤ ᠬᠠᠮᠤᠭ ᠤᠨ ᠥᠨᠳᠥᠷ ᠬᠢᠵᠠᠭᠠᠷᠯᠠᠭᠰᠠᠨ ᠦᠨ᠎ᠡ ᠪᠣᠯᠭᠠᠵᠤ᠂ ᠬᠢᠨᠠᠨ ᠲᠣᠭᠲᠠᠭᠠᠭᠰᠠᠨ ᠰᠠᠨᠠᠯ ᠤᠨ ᠨᠠᠷᠢᠨ ᠬᠠᠭᠤᠳᠠᠰᠤ ᠶᠢᠨ ᠠᠭᠤᠯᠭ᠎ᠠ ᠶᠣᠰᠣᠭᠠᠷ ᠬᠡᠷᠡᠭᠵᠢᠭᠦᠯᠵᠦ᠂ ᠲᠥᠷᠥᠯ ᠵᠦᠶᠯ ᠤᠨ ᠨᠢᠭᠡᠴᠡ ᠨᠢ ᠭᠡᠷ᠎ᠡ ᠶᠢᠨ ᠦᠨ᠎ᠡ ᠪᠠᠷ ᠪᠣᠳᠠᠲᠠᠶ ᠪᠠᠶᠢᠳᠠᠯ  ᠢ ᠦᠨᠳᠦᠰᠦᠯᠡᠨ ᠳ᠋ᠦᠩᠨᠡᠨ ᠪᠤᠳᠤᠵᠤ᠂ ᠳ᠋ᠦᠩᠨᠡᠨ ᠪᠤᠳᠤᠵᠤ ᠬᠢᠨᠠᠨ ᠲᠣᠭᠲᠠᠭᠠᠬᠤ ᠴᠢᠬᠤᠯᠠ ᠥᠬᠡᠶ᠃        ᠭᠤᠷᠪᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠭᠡᠳᠡᠭ ᠨᠢ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭᠠᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠵᠢᠭᠠᠵᠤ ᠪᠤᠶ᠃        ( ᠳᠥᠷᠪᠡ ) ᠪᠤᠰᠤᠳ ᠵᠠᠷᠤᠯᠭ᠎ᠠ ᠶᠢᠨ ᠲᠥᠷᠥᠯ ᠵᠦᠢᠯ ᠭᠡᠳᠡᠭ ᠨᠢ ᠲᠥᠬᠦᠭᠡᠷᠦᠮᠵᠢ ᠬᠤᠳᠠᠯᠳᠤᠨ ᠠᠪᠬᠤ᠂ ᠮᠠᠲ᠋ᠧᠷᠢᠶᠠᠯ ᠬᠤᠳᠠᠯᠳᠤᠨ ᠠᠪᠬᠤ᠂ ᠵᠠᠰᠠᠵᠤ ᠴᠢᠮᠡᠭᠯᠡᠬᠦ᠂ ᠰᠡᠯᠪᠢᠨ ᠵᠠᠰᠠᠬᠤ ᠵᠢᠴᠢ ᠦᠢᠯᠡᠴᠢᠯᠡᠭᠡᠨ ᠤ ᠵᠠᠷᠤᠳᠠᠯ ᠵᠡᠷᠭᠡ ᠵᠠᠷᠤᠯᠭ᠎ᠠ ᠶᠢᠨ ᠲᠥᠷᠥᠯ ᠵᠦᠢᠯ ᠢ ᠵᠢᠭᠠᠵᠤ ᠪᠤᠶ᠃        ᠳᠥᠷᠪᠡ᠂ ᠬᠢᠨᠠᠨ ᠲᠣᠭᠲᠠᠭᠠᠬᠤ ᠠᠭᠤᠯᠭ᠎ᠠ ᠪᠠ ᠠᠷᠭ᠎ᠠ ᠮᠠᠶ᠋ᠢᠭ        ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠬᠢᠨᠠᠨ ᠲᠣᠭᠲᠠᠭᠠᠬᠤ ᠠᠭᠤᠯᠭ᠎ᠠ ᠳᠤ        ( ᠨᠢᠭᠡ ) ᠲᠥᠷᠥᠯ ᠵᠦᠶᠯ ᠤᠨ ᠲᠥᠰᠦᠪ ᠪᠠ ᠪᠠᠷᠢᠯᠭ᠎ᠠ ᠳᠠᠭᠤᠰᠴᠤ ᠳ᠋ᠦᠩᠨᠡᠨ ᠪᠤᠳᠤᠬᠤ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠴᠠᠭ ᠬᠤᠭᠤᠴᠠᠭᠠᠲᠤ ᠴᠢᠨᠠᠷ ᠵᠡᠷᠭᠡ ᠶᠢ ᠬᠢᠨᠠᠨ ᠬᠠᠷᠭᠤᠭᠤᠯᠬᠤ︔       ( ᠬᠤᠶᠠᠷ ) ᠪᠠᠷᠢᠯᠭ᠎ᠠ ᠶᠢᠨ ᠲᠥᠷᠥᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠶᠯ  ᠤᠨ ᠲᠥᠰᠦᠪ᠂ ᠳ᠋ᠦᠩᠨᠡᠨ ᠪᠤᠳᠤᠵᠤ ᠬᠢᠨᠠᠨ ᠬᠠᠷᠭᠤᠭᠤᠯᠬᠤ᠂ ᠪᠠᠷᠠᠭ᠎ᠠ᠂ ᠦᠶᠯᠡᠴᠢᠯᠡᠭᠡᠨ ᠤ ᠲᠥᠷᠥᠯ ᠤᠨ ᠵᠠᠰᠠᠭ  ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠶᠯ ᠤᠨ ᠲᠥᠰᠦᠪ ᠢ ᠬᠢᠨᠠᠨ ᠬᠠᠷᠭᠤᠭᠤᠯᠬᠤ︔       ( ᠭᠤᠷᠪᠠ ) ᠬᠢᠨᠠᠨ ᠲᠣᠭᠲᠠᠭᠠᠬᠤ ᠴᠢᠬᠤᠯᠠᠲᠠᠶ ᠪᠤᠰᠤᠳ ᠠᠭᠤᠯᠭ᠎ᠠ᠃ᠡᠳ᠋ ᠤᠨ ᠵᠠᠰᠠᠭ ᠣᠨ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠬᠢᠨᠠᠨ ᠲᠣᠭᠲᠠᠭᠠᠬᠤ ᠳᠤ ᠳᠣᠤᠷᠠᠬᠢ ᠮᠡᠲᠦ ᠠᠷᠭ᠎ᠠ ᠮᠠᠶ᠋ᠢᠭ ᠢ ᠠᠪᠴᠤ ᠬᠡᠷᠡᠭᠵᠢᠭᠦᠯᠦᠨ᠎ᠡ᠄        ( ᠨᠢᠭᠡ ) ᠦᠨᠳᠦᠰᠦᠨ ᠪᠦᠳᠦᠭᠡᠠ ᠪᠠᠶᠢᠭᠤᠯᠤᠯᠲᠠ ᠶᠢᠨ ᠵᠦᠢᠯᠡᠰ ᠪᠠ ᠪᠤᠰᠤᠳ ᠵᠠᠷᠤᠯᠭ᠎ᠠ ᠶᠢᠨ ᠵᠦᠢᠯᠡᠰ  ᠤᠨ ᠲᠥᠰᠦᠪ ᠪᠣᠯᠤᠨ ᠪᠠᠷᠢᠯᠭ᠎ᠠ ᠳᠠᠭᠤᠰᠴᠤ ᠲᠡᠰᠦᠯᠦᠠ ᠪᠤᠳᠦᠬᠤ ᠠᠵᠢᠯ ᠳᠤ ᠱᠡᠳᠦ ᠦᠶ᠎ᠡ ᠶᠢᠨ ᠴᠢᠨᠠᠷᠲᠠᠢ ᠬᠢᠨᠠᠨ ᠲᠣᠭᠲᠠᠭᠠᠯᠲᠠ ᠬᠢᠨ᠎ᠡ᠃        ( ᠬᠤᠶᠠᠷ ) ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢᠨ ᠲᠥᠷᠥᠯ ᠵᠦᠶᠯ ᠢ ᠬᠡᠷᠡᠭᠵᠢᠭᠦᠯᠬᠦ ᠪᠥᠬᠦ ᠶᠠᠪᠤᠴᠠ ᠶᠢ ᠮᠥᠷᠳᠡᠨ ᠬᠢᠨᠠᠨ ᠲᠣᠭᠲᠠᠭᠠᠨ᠎ᠠ᠃        ( ᠭᠤᠷᠪᠠ ) ᠪᠤᠰᠤᠳ ᠠᠷᠭ᠎ᠠ ᠮᠠᠶ᠋ᠢᠭ᠃         ᠬᠠᠮᠢᠶ᠎ᠠ ᠪᠥᠬᠦᠶ ᠬᠤᠯᠪᠣᠭᠠᠰᠤ᠄ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 《 ᠣᠩᠨᠢᠭᠤᠳ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠣᠷᠣᠭᠤᠯᠤᠯᠲᠠ  ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ 》 ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ 翁牛特旗人民政府办公室关于修订印发《翁牛特旗本级财政投资评审管理办法》的通知
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号