《 ᠣᠩᠨᠢᠭᠤᠳ ᠬᠤᠰᠢᠭᠤᠨ ᠤ 2023 ᠣᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠤᠨ ᠬᠡᠷᠡᠭᠵᠢᠭᠦᠯᠬᠦ ᠲᠥᠰᠦᠯ 》 ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2023/12/27
         ᠨᠢᠭᠡ᠂ ᠠᠬᠤᠶ ᠪᠠᠶᠢᠳᠠᠯ          ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ 《 〈 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠥᠪ ᠤᠨ ᠡᠳ᠋ ᠤᠨ ᠵᠠᠰᠠᠭ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠤᠨ ᠬᠡᠷᠡᠭᠵᠢᠭᠦᠯᠬᠦ ᠲᠥᠰᠦᠯ 〉 ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ 》 ( ᠥᠪᠥᠷ ᠲᠠᠷᠢᠶᠠᠯᠠᠩ ᠮᠠᠯ ᠠᠵᠤ ᠠᠬᠤᠶ ᠰᠢᠨᠵᠢᠯᠡᠬᠦ ᠤᠬᠠᠭᠠᠨ ᠲᠠᠷᠬᠠᠭᠠᠭᠰᠠᠨ 2023371 ᠳ᠋ᠦ᠋ᠭᠡᠷ ᠲᠣᠭᠠᠲᠤ ) ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃       ᠬᠤᠶᠠᠷ᠂ ᠬᠠᠷᠠᠯᠲᠠ ᠡᠭᠦᠷᠭᠡᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠶᠢᠷᠢᠯᠠᠭᠤᠯᠤᠯᠲᠠ ᠶᠢᠨ ᠵᠦᠢ ᠵᠣᠬᠢᠰᠲᠠᠢ ᠪᠣᠯᠬᠤ ᠶᠢ ᠲᠦᠷᠭᠡᠪᠴᠢᠯᠡᠨ ᠠᠬᠢᠭᠤᠯᠤᠨ᠎ᠠ᠂ ᠠᠵᠤ ᠦᠶᠯᠡᠰ ᠤᠨ ᠬᠡᠯᠬᠢᠶ᠎ᠡ  ᠶᠢᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠦᠷᠢᠨ ᠪᠦᠲᠦᠨ ᠠᠵᠤ ᠦᠶᠢᠯᠡᠰᠵᠢᠭᠰᠡᠨ ᠪᠠᠶᠢᠷᠢᠰᠢᠯ᠂ ᠪᠦᠷᠢᠨ ᠲᠡᠭᠦᠯᠳᠡᠷ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠪᠠᠷᠢᠮᠵᠢᠶᠠᠲᠤ ᠰᠢᠰᠲ᠋ᠧᠮᠵᠢ ᠶᠢ ᠪᠠᠶᠢᠭᠤᠯᠤᠨ᠎ᠠ᠂ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮ᠂ ᠵᠠᠰᠠᠭ ᠤᠨ ᠣᠷᠳᠣᠨ ᠬᠥᠲᠥᠯᠥᠨ ᠵᠢᠯᠣᠭᠤᠳᠬᠤ ᠶᠢ ᠬᠦᠴᠦᠯᠡᠨ ᠪᠠᠶᠢᠭᠤᠯᠤᠨ᠎ᠠ᠂ ᠲᠣᠰᠬᠤᠨ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠮᠠᠯᠴᠢᠨ ᠲᠠᠷᠢᠶᠠᠴᠢᠳ ᠤᠨ ᠣᠷᠣᠯᠴᠠᠭᠰᠠᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ᠂ ᠡᠰᠢ ᠰᠦᠷᠡᠯ ᠢ ᠪᠤᠷᠳᠤᠭ᠎ᠠ ᠪᠣᠯᠭᠠᠨ ᠠᠰᠢᠭᠯᠠᠬᠤ ᠶᠢ ᠠᠬᠢᠭᠤᠯᠤᠨ᠎ᠠ᠂ ᠴᠡᠪᠡᠷ ᠡᠨᠧᠷᠭᠢ ᠶᠢ ᠠᠰᠢᠭᠯᠠᠬᠤ ᠬᠡᠪᠴᠢᠶ᠎ᠡ ᠶᠢ ᠥᠷᠭᠡᠳᠬᠡᠨ᠎ᠡ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠢ ᠰᠠᠶᠢᠨ ᠮᠡᠳᠡᠳᠡᠭ ᠨᠢᠭᠡ ᠪᠦᠯᠦᠭ ᠰᠢᠨ᠎ᠡ ᠮᠠᠶ᠋ᠢᠭ ᠤᠨ ᠲᠠᠷᠢᠶᠠᠴᠢᠨ ᠮᠠᠯᠴᠢᠳ ᠢ ᠬᠥᠮᠦᠵᠢᠭᠦᠯᠦᠨ᠎ᠡ᠂ ᠨᠢᠭᠡ ᠪᠦᠯᠦᠭ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠦᠢᠯᠡᠳᠪᠦᠷᠢᠯᠡᠯ ᠤᠨ ᠳᠠᠭᠠᠭᠤᠯᠤᠭᠴᠢ ᠠᠵᠤ ᠠᠬᠤᠶᠢᠯᠠᠯ ᠢ‌‍ᠲ᠋ᠡᠳᠬᠦᠨ᠎ᠡ᠂  ᠡᠰᠢ ᠰᠦᠷᠡᠯ ᠢ ᠠᠰᠢᠭᠯᠠᠬᠤ ᠪᠦᠷᠢᠨ ᠲᠡᠭᠦᠯᠳᠡᠷ ᠡᠬᠡ ᠳᠠᠩᠰᠠ ᠶᠢ ᠵᠡᠷᠭᠡᠪᠡᠷ ᠪᠠᠶᠢᠭᠤᠯᠤᠨ᠎ᠠ᠂ ᠨᠠᠷᠢᠨ ᠳᠠᠩᠰᠠ ᠪᠠ ᠬᠢᠨᠠᠨ ᠬᠡᠮᠵᠢᠬᠦ ᠰᠢᠰᠲ᠋ᠧᠮ᠂ ᠪᠦᠬᠦ ᠬᠤᠰᠢᠭᠤᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ  ᠶᠢ 90 % ᠠᠴᠠ ᠳᠡᠭᠡᠭᠰᠢ ᠳᠤ ᠬᠦᠷᠭᠡᠨ᠎ᠡ᠃       ᠭᠤᠷᠪᠠ᠂ ᠠᠵᠢᠯ ᠤᠨ ᠱᠠᠭᠠᠷᠳᠠᠯᠭ᠎ᠠ       ( ᠨᠢᠭᠡ ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠬᠤᠪᠢᠳᠠᠨ ᠬᠠᠮᠢᠶᠠᠷᠬᠤ ᠬᠤᠰᠢᠭᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠣᠩᠨᠢᠭᠤᠳ ᠬᠤᠰᠢᠭᠤᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠵᠣᠬᠢᠶᠠᠨ ᠪᠠᠶᠢᠭᠤᠯᠵᠤ ᠬᠠᠮᠢᠶᠠᠷᠬᠤ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠲᠠᠷᠢᠮᠠᠯ ᠤᠨ ᠡᠰᠢ ᠰᠦᠷᠡᠯ ᠢ ᠪᠣᠷᠳᠤᠭ᠎ᠠ ᠪᠣᠯᠭᠠᠨ ᠶᠡᠷᠦᠩᠬᠡᠶᠢᠯᠡᠨ ᠠᠰᠢᠭᠯᠠᠬᠤ ᠶᠢ ᠲᠤᠰᠬᠠᠶ ᠳᠥᠯᠭᠢᠨ ᠠᠬᠢᠭᠤᠯᠬᠤ ᠬᠠᠮᠢᠶ᠎ᠠ ᠪᠥᠬᠦᠶ ᠠᠵᠢᠯ ᠢ ᠬᠠᠷᠢᠭᠤᠴᠠᠬᠤ ᠬᠡᠷᠡᠭᠲᠡᠢ᠃       ( ᠬᠤᠶᠠᠷ ) ᠲᠥᠷᠥᠯ ᠵᠦᠢᠯ ᠤᠨ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ  ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠶᠢ ᠭᠦᠶᠴᠡᠳ ᠡᠮᠬᠢᠯᠡᠨ ᠨᠡᠶᠢᠯᠡᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠲᠦᠮᠵᠢᠲᠡᠶ ᠠᠬᠢᠭᠤᠯᠬᠤ ᠬᠡᠷᠡᠭᠲᠡᠶ᠃        ( ᠭᠤᠷᠪᠠ ) ᠵᠢᠭᠠᠨ ᠵᠢᠯᠣᠭᠤᠳᠴᠤ ᠦᠶᠯᠡᠴᠢᠯᠡᠬᠦ ᠶᠢ ᠴᠢᠩᠭᠠᠳᠬᠠᠬᠤ ᠬᠡᠷᠡᠭᠲᠡᠢ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠮᠡᠷᠭᠡᠵᠢᠯ ᠤᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠵᠢᠯᠣᠭᠤᠳᠴᠤ ᠪᠣᠯᠪᠠᠰᠤᠷᠠᠭᠤᠯᠬᠤ ᠶᠢ ᠴᠢᠩᠭᠠᠳᠬᠠᠵᠤ᠂ ᠮᠡᠷᠭᠡᠵᠢᠯ ᠤᠨ ᠬᠤᠷᠠᠮᠠᠯ ᠵᠢᠱᠢᠶ᠎ᠡ ᠦᠵᠡᠭᠦᠯᠬᠦ ᠬᠡᠷᠡᠭᠯᠡᠯᠲᠡ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠤᠨ ᠰᠤᠳᠤᠯᠭᠠᠨ᠂ ᠭᠤᠤᠯ ᠳᠡᠯᠭᠡᠷᠡᠭᠦᠯᠬᠦ ᠮᠡᠷᠭᠡᠵᠢᠯ ᠤᠨ ᠨᠡᠶᠢᠲᠡᠯᠡᠯ᠂ ᠨᠡᠶᠢᠲᠡᠯᠢᠭ ᠵᠠᠭᠪᠤᠷ ᠤᠨ ᠳ᠋ᠦᠩᠨᠡᠯᠲᠡ ᠶᠢ ᠰᠠᠶᠢᠲᠤᠷ ᠬᠢᠵᠦ᠂ ᠲᠥᠷᠥᠯ ᠵᠦᠶᠯ ᠢ ᠤᠷᠤᠭᠰᠢᠲᠠᠶ ᠬᠡᠷᠡᠭᠵᠢᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠥᠬᠦ ᠶᠠᠪᠤᠴᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡ ᠬᠠᠩᠭᠠᠬᠤ ᠬᠡᠷᠡᠭᠲᠡᠶ᠃ ᠡᠭᠦᠨ ᠤ ᠬᠠᠮᠲᠤ᠂ ᠥᠨᠳᠥᠷ ᠮᠡᠳᠡᠯᠭᠡ ᠪᠣᠯᠪᠠᠰᠤᠷᠠᠯ ᠲᠠᠢ ᠲᠠᠷᠢᠶᠠᠴᠢᠨ ᠮᠠᠯᠴᠢᠳ ᠤᠨ ᠪᠣᠯᠪᠠᠰᠤᠷᠠᠭᠤᠯᠤᠯ  ᠤᠨ ᠢᠨᠵᠧᠨᠧᠷᠢᠩ ᠲᠠᠢ ᠤᠶᠠᠯᠳᠤᠭᠤᠯᠤᠨ᠂ ᠳᠡᠰ ᠳᠠᠪᠬᠤᠷᠭ᠎ᠠ᠂ ᠵᠠᠩᠭᠢᠯᠠᠭ᠎ᠠ᠂ ᠡᠲᠡᠭᠡᠳ ᠬᠤᠪᠢᠶᠠᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠵᠦ᠂ ᠡᠯ᠎ᠡ ᠱᠠᠲᠤᠨ ᠤ ᠮᠡᠷᠭᠡᠵᠢᠯ ᠳᠡᠯᠭᠡᠷᠡᠭᠦᠯᠬᠦ ᠠᠵᠢᠯᠲᠠᠨ᠂ ᠰᠢᠨ᠎ᠡ ᠮᠠᠶ ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠪᠣᠯᠪᠠᠰᠤᠷᠠᠭᠤᠯᠤᠯ ᠤᠨ ᠡᠷᠴᠢᠮ ᠢᠶᠠᠨ ᠨᠡᠮᠡᠭᠳᠡᠭᠦᠯᠵᠦ᠂ ᠲᠤᠰᠬᠠᠶᠢᠵᠢᠭᠰᠠᠨ ᠬᠢᠷᠢ ᠬᠡᠮᠵᠢᠶ᠎ᠡ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃       ( ᠳᠥᠷᠪᠡ ) ᠢᠯᠡ ᠨᠡᠶᠢᠲᠡᠯᠡᠵᠦ ᠢᠯᠡ ᠪᠣᠯᠭᠠᠬᠤ ᠶᠢ ᠴᠢᠩᠭᠠᠳᠬᠠᠬᠤ ᠬᠡᠷᠡᠭᠲᠡᠢ  ᠃ ᠲᠥᠪ ᠭᠤᠣᠯᠴᠢ᠂ ᠢᠯᠡ ᠲᠣᠳᠣ ᠪᠠᠶᠢᠬᠤ ᠵᠠᠷᠴᠢᠮ ᠤᠨ ᠶᠣᠰᠣᠭᠠᠷ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠡᠯ᠎ᠡ ᠲᠥᠷᠥᠯ ᠤᠨ ᠵᠠᠭᠤᠴᠢᠯᠠᠭᠤᠷ ᠤᠨ ᠤᠬᠠᠭᠤᠯᠭ᠎ᠠ ᠶᠢᠨ ᠳᠠᠪᠠᠭᠤᠯᠢᠭ ᠢ ᠪᠠᠳᠠᠷᠠᠭᠤᠯᠤᠨ᠂ ᠮᠡᠳᠡᠪᠡᠯ ᠵᠣᠬᠢᠬᠤ ᠶᠢ ᠨᠢ ᠮᠡᠳᠡᠵᠦ᠂ ᠢᠯᠡ ᠪᠣᠯᠭᠠᠪᠠᠰᠤ ᠵᠣᠬᠢᠬᠤ ᠶᠢ ᠨᠢ ᠴᠥᠮ ᠢᠯᠡ ᠪᠣᠯᠭᠠᠬᠤ ᠬᠡᠷᠡᠭᠲᠡᠶ᠃ ᠰᠠᠶᠢᠨ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠣᠭᠤᠳᠴᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ᠂ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ  ᠤᠨ ᠲᠡᠯᠡᠪᠡᠢ᠂ ᠲᠠᠷᠢᠵᠤ ᠲᠡᠵᠢᠭᠡᠬᠦ ᠲᠣᠮᠣ ᠡᠷᠦᠬᠡ ᠶᠢ ᠵᠣᠷᠢᠭᠵᠢᠭᠤᠯᠤᠨ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠢᠭᠡ ᠪᠦᠯᠦᠭ ᠵᠢᠱᠢᠶ᠎ᠡ ᠦᠵᠡᠭᠦᠯᠬᠦ ᠢᠨᠵᠧᠨᠧᠷᠢᠩ ᠢ ᠪᠦᠲᠦᠭᠡᠨ ᠪᠠᠶᠢᠭᠤᠯᠬᠤ ᠬᠡᠷᠡᠭᠲᠡᠶ᠃        ( ᠲᠠᠪᠤ ) ᠰᠢᠮᠳᠠᠭᠤᠯᠤᠨ ᠪᠠᠶᠢᠴᠠᠭᠠᠵᠤ ᠰᠢᠯᠭᠠᠨ ᠠᠪᠬᠤ ᠶᠢ ᠴᠢᠩᠳᠠᠯᠠᠬᠤ ᠬᠡᠷᠡᠭᠲᠡᠢ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠠ ᠬᠠᠮᠢᠶ᠎ᠠ ᠪᠥᠬᠦᠶ ᠨᠢᠭᠡᠴᠡ ᠲᠥᠷᠥᠯ ᠵᠦᠶᠯ ᠢ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠲᠥᠷᠥᠯ ᠵᠦᠶᠯ ᠢ ᠬᠡᠷᠡᠭᠵᠢᠭᠦᠯᠬᠦ ᠨᠢᠭᠡᠴᠡ ᠶᠢ ᠰᠢᠮᠳᠠᠭᠤᠯᠵᠤ ᠪᠠᠶᠢᠭᠠᠳ ᠲᠥᠷᠥᠯ ᠵᠦᠶᠯ  ᠤᠨ ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠯᠤᠨ ᠥᠷᠨᠢᠭᠦᠯᠵᠦ᠂ ᠲᠥᠷᠥᠯ ᠵᠦᠶᠯ ᠢ ᠬᠡᠷᠡᠭᠵᠢᠭᠦᠯᠦᠭᠰᠡᠨ ᠪᠠᠶᠢᠳᠠᠯ  ᠢ ᠮᠥᠷᠳᠡᠨ ᠪᠠᠶᠢᠴᠠᠭᠠᠬᠤ ᠶᠢ ᠴᠢᠩᠭᠠᠳᠬᠠᠵᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ  ᠳᠤᠨᠢ ᠵᠣᠬᠢᠴᠠᠭᠤᠯᠤᠨ ᠰᠢᠶᠳᠪᠦᠷᠢᠯᠡᠵᠦ᠂ ᠲᠥᠷᠥᠯ ᠵᠦᠶᠯ ᠤᠨ ᠦᠷ᠎ᠡ ᠠᠰᠢᠭ ᠢ ᠣᠷᠳᠣ ᠬᠤᠭᠤᠴᠠᠭ᠎ᠠ ᠪᠠᠷ ᠪᠠᠳᠠᠷᠠᠭᠤᠯᠬᠤ ᠶᠢ ᠪᠠᠲᠤᠯᠠᠬᠤ ᠬᠡᠷᠡᠭᠲᠡᠶ᠃ ᠠᠩᠬᠠᠨ ᠤ ᠰᠢᠯᠭᠠᠯᠲᠠ ᠳᠤ ᠬᠢᠷᠢ ᠲᠡᠩᠴᠡᠭᠰᠡᠨ ᠳᠤᠨᠢ ᠲᠥᠷᠥᠯ ᠵᠦᠢᠯ ᠢ ᠬᠡᠷᠡᠭᠵᠢᠭᠦᠯᠬᠦ ᠡᠭᠦᠷᠭᠡ ᠶᠢ ᠦᠷᠭᠦᠯᠵᠢᠯᠡᠨ ᠡᠭᠦᠷᠭᠡᠯᠡᠨ᠎ᠡ︔ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠵᠠᠯᠠᠷᠠᠭᠤᠯᠤᠭᠤᠯᠤᠨ᠎ᠠ︔ ᠴᠡᠭᠴᠡᠯᠡᠨ ᠰᠠᠶᠢᠵᠢᠷᠠᠭᠤᠯᠤᠭᠰᠠᠨ ᠨᠢ ᠬᠢᠷᠢ ᠲᠡᠩᠴᠡᠬᠦ ᠦᠭᠡᠶ ᠪᠤᠶᠤ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ᠂ ᠲᠥᠷᠥᠯ ᠵᠦᠢᠯ ᠢ ᠬᠡᠷᠡᠭᠵᠢᠭᠦᠯᠬᠦ ᠬᠢᠷᠢ ᠬᠡᠮ ᠢ ᠨᠢ ᠬᠦᠴᠦᠨ ᠦᠭᠡᠶ ᠪᠣᠯᠭᠠᠬᠤ ᠶᠢᠨ ᠬᠠᠮᠲᠤ ᠬᠠᠷ᠎ᠠ ᠳᠠᠩᠰᠠᠨ ᠳᠤ ᠵᠢᠭᠰᠠᠭᠠᠨ ᠣᠷᠣᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠡᠯ᠎ᠡ ᠲᠥᠷᠥᠯ ᠤᠨ ᠲᠥᠷᠥᠯ ᠵᠦᠢᠯ ᠵᠢᠴᠢ ᠲᠤᠰᠠᠯᠠᠮᠵᠢ ᠶᠢᠨ ᠪᠡᠯᠡ ᠮᠥᠩᠭᠦ ᠶᠢ ᠳᠠᠬᠢᠵᠤ ᠲᠣᠬᠢᠷᠠᠭᠤᠯᠬᠤ ᠦᠭᠡᠶ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号