《 2023 ᠣᠨ ᠤ ᠣᠩᠨᠢᠭᠤᠳ ᠬᠤᠰᠢᠭᠤᠨ ᠤ ᠠᠯᠪᠠᠨ ᠵᠢᠷᠤᠮ ᠤᠨ ᠡᠯᠡᠰᠦ ᠵᠠᠰᠠᠬᠤ ᠬᠡᠷᠡᠭᠵᠢᠭᠦᠯᠬᠦ ᠲᠥᠰᠦᠯ 》 ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2023/12/27
        ᠨᠢᠭᠡ᠂ ᠠᠬᠤᠶ ᠪᠠᠶᠢᠳᠠᠯ       ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ 《 ᠭᠤᠷᠪᠠᠨ ᠤᠮᠠᠷᠠᠲᠤ 》 ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ᠂ ᠪᠥᠬᠦ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃        ᠬᠤᠶᠠᠷ᠂ ᠬᠠᠷᠠᠯᠲᠠ ᠡᠭᠦᠷᠭᠡ ᠵᠢᠴᠢ ᠬᠡᠪᠴᠢᠶ᠎ᠡᠵᠠᠰᠠᠵᠤ ᠳᠡᠶᠢᠯᠬᠦ ᠬᠡᠮᠵᠢᠶ᠎ᠡ ᠶᠢ ᠦᠨᠳᠦᠰᠦᠯᠡᠪᠡᠯ᠂ ᠣᠩᠨᠢᠭᠤᠳ ᠬᠤᠰᠢᠭᠤᠨ ᠤ ᠲᠣᠰ ᠵᠢᠯ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠲᠠᠯᠠᠪᠠᠶ ᠨᠢ ᠭᠤᠤᠯᠳᠠᠭᠤ ᠪᠤᠷᠤᠬᠤᠲᠠ ᠠᠴᠠ ᠪᠠᠶᠠᠨᠲᠤᠬᠤᠢ ᠬᠦᠷᠬᠦ ᠵᠠᠮ ᠤᠨ 61 ᠺᠢᠯᠣᠮᠧᠲᠷ ᠲᠤ ᠲᠥᠪᠯᠡᠷᠡᠵᠦ᠂ 1000 ᠮᠥ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠪᠠᠷ ᠲᠥᠯᠥᠪᠯᠡᠵᠦ ᠪᠠᠶᠢᠨ᠎ᠠ᠃ ᠪᠦᠬᠦ ᠬᠤᠰᠢᠭᠤᠨ ᠤ ᠡᠯ᠎ᠡ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠬᠥᠮᠦᠨ ᠪᠦᠷᠢ ᠳᠤ ᠳᠤᠮᠳᠠᠴᠢ ᠪᠠᠷ 10 ᠲᠤᠲᠤᠷᠭᠠᠨ ᠡᠪᠡᠰᠦᠨ ᠤ ᠲᠣᠤᠷᠵᠢᠯ ᠤᠨ ᠪᠠᠷᠢᠮᠵᠢᠶ᠎ᠠ ᠪᠠᠷ ᠡᠯᠡᠰᠦ ᠶᠢ ᠲᠣᠭᠲᠠᠪᠤᠷᠢᠵᠢᠭᠤᠯᠬᠤ ᠡᠭᠦᠷᠭᠡ ᠶᠢ ᠪᠡᠶᠡᠯᠡᠭᠦᠯᠦᠨ᠎ᠡ᠃       ᠭᠤᠷᠪᠠ᠂ ᠠᠵᠢᠯ ᠤᠨ ᠱᠠᠭᠠᠷᠳᠠᠯᠭ᠎ᠠ        ( ᠨᠢᠭᠡ ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠬᠤ ᠬᠡᠷᠡᠭᠲᠡᠶ᠃ ᠡᠯ᠎ᠡ ᠨᠢᠭᠡᠴᠡ ᠰᠠᠯᠠᠭ᠎ᠠ ᠮᠥᠴᠢᠷ ᠤᠳ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠯᠪᠠᠨ ᠵᠢᠷᠤᠮ ᠤᠨ ᠣᠶᠢᠵᠢᠭᠤᠯᠤᠯᠲᠠ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰ ᠨᠢᠭᠡᠴᠡ ᠶᠢᠨ ᠢᠶᠠᠨ ᠤᠬᠠᠭᠤᠯᠤᠨ ᠳᠠᠶᠢᠴᠢᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠠᠯᠪᠠᠨ ᠵᠢᠷᠤᠮ ᠤᠨ ᠬᠥᠳᠡᠯᠮᠦᠷᠢᠯᠡᠬᠦ ᠴᠠᠭ ᠢ ᠲᠥᠪᠯᠡᠷᠡᠭᠦᠯᠬᠦ ᠬᠡᠷᠡᠭᠲᠡᠶ᠂ ᠡᠯ᠎ᠡ ᠨᠢᠭᠡᠴᠢ ᠤᠴᠢᠷ ᠰᠢᠯᠲᠠᠭᠠᠨ ᠦᠭᠡᠶ ᠪᠠᠷ ᠰᠠᠭᠠᠲᠠᠵᠤ ᠪᠣᠯᠬᠤ ᠦᠭᠡᠶ᠃         ( ᠬᠤᠶᠠᠷ ) ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠨᠢᠭᠡᠴᠢ ᠶᠢᠨ ᠰᠠᠯᠠᠭ᠎ᠠ ᠮᠥᠴᠢᠷ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠨᠥᠬᠦᠴᠡᠯ ᠳᠤᠷᠠᠳᠬᠤ ᠦᠭᠡᠢ  ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ  ᠳᠤ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃         ( ᠭᠤᠷᠪᠠ ) ᠡᠯᠡᠰᠦ ᠶᠢ ᠵᠠᠰᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠥᠷᠭᠡᠨ ᠳᠡᠯᠭᠡᠷ ᠭᠦᠨ ᠭᠦᠨᠵᠡᠭᠡᠢ ᠤᠬᠠᠭᠤᠯᠭ᠎ᠠ ᠪᠠᠷ ᠳᠠᠮᠵᠢᠭᠤᠯᠤᠨ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠪᠦᠬᠦ ᠨᠠᠮ ᠢᠶᠠᠷ ᠢᠶᠠᠨ ᠳᠠᠶᠢᠴᠢᠯᠠᠭᠰᠠᠨ᠂ ᠪᠦᠬᠦ ᠠᠷᠠᠳ ᠢᠶᠠᠷ ᠢᠶᠠᠨ ᠬᠥᠳᠡᠯᠦᠯᠴᠡᠭᠰᠡᠨ᠂ ᠪᠦᠬᠦ ᠨᠡᠶᠢᠭᠡᠮ ᠢᠶᠠᠷ ᠢᠶᠠᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠤᠢ ᠪᠣᠯᠭᠠᠬᠤ ᠬᠡᠷᠡᠭᠲᠡᠢ᠃          ᠬᠠᠮᠢᠶ᠎ᠠ ᠪᠥᠬᠦᠶ ᠬᠤᠯᠪᠣᠭᠠᠰᠤ᠄ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 《 2023 ᠣᠨ ᠤ ᠣᠩᠨᠢᠭᠤᠳ ᠬᠤᠰᠢᠭᠤᠨ ᠤ ᠠᠯᠪᠠᠨ ᠵᠢᠷᠤᠮ ᠤᠨ ᠡᠯᠡᠰᠦᠷᠬᠡᠭᠵᠢᠯ ᠢ ᠵᠠᠰᠠᠬᠤ ᠬᠡᠷᠡᠭᠵᠢᠭᠦᠯᠬᠦ ᠲᠥᠰᠦᠯ 》 ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号