︽ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ 》 ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2023/12/27
      ᠨᠢᠭᠡ᠂ ᠠᠬᠤᠢ ᠪᠠᠶᠢᠳᠠᠯ       ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠡᠯ᠎ᠡ ᠱᠠᠲᠤᠨ  ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 《 ᠬᠥᠬᠡᠮᠳᠦᠭ ᠤᠰᠤ᠂ ᠬᠥᠬᠡ ᠣᠭᠲᠠᠷᠭᠤᠶ᠂ ᠠᠷᠢᠭᠤᠨ ᠬᠥᠷᠥᠰᠥ 》 ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠣᠩᠨᠢᠭᠤᠳ ᠬᠤᠰᠢᠭᠤᠨ ᠤ ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ᠢ ᠠᠷᠭᠠᠴᠠᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ᠢ ᠪᠦᠲᠦᠮᠵᠢᠲᠡᠶ ᠠᠷᠭᠠᠴᠠᠭᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ 《 ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ 》 ᠢ ᠨᠠᠶᠢᠷᠠᠭᠤᠯᠤᠨ ᠵᠣᠬᠢᠶᠠᠪᠠ  ᠃       ᠬᠤᠶᠠᠷ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠮᠡᠳᠡᠭᠦᠯᠦᠯᠲᠡ       ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠣᠩᠨᠢᠭᠤᠳ ᠬᠤᠰᠢᠭᠤᠨ ᠳᠠᠬᠢ ᠬᠤᠪᠢᠶᠠᠷᠢ ᠲᠣᠪᠴᠢᠶ᠎ᠠ ᠨᠢ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠰᠢᠶᠳᠪᠦᠷᠢᠯᠡᠬᠦ ᠵᠠᠷᠴᠢᠮ ᠶᠣᠰᠣᠭᠠᠷ᠂ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠪᠠ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠣᠯᠠᠨ ᠠᠷᠭ᠎ᠠ ᠵᠠᠮ ᠢᠶᠠᠷ ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ᠭᠠᠷᠴᠤ ᠮᠡᠳᠡᠬᠦ ᠠᠶᠤᠯ ᠲᠦᠭᠰᠢᠭᠦᠷᠢ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠴᠠᠭ ᠲᠤᠬᠠᠶ ᠳᠤᠨᠢ ᠵᠠᠳᠠᠯᠤᠨ ᠰᠤᠳᠤᠯᠵᠤ ᠮᠠᠭᠠᠳᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠰᠢᠭᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠴᠠᠭ ᠠᠭᠤᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠡᠭᠦᠰᠭᠡᠵᠦ ᠮᠡᠳᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠣᠩᠨᠢᠭᠤᠳ ᠬᠤᠰᠢᠭᠤᠨ ᠳᠠᠬᠢ ᠬᠤᠪᠢᠶᠠᠷᠢ ᠲᠣᠪᠴᠢᠶ᠎ᠠ ᠳᠤ ᠮᠡᠳᠡᠭᠳᠡᠬᠦ ᠬᠡᠷᠡᠭᠲᠡᠶ᠃       ᠭᠤᠷᠪᠠ᠂ ᠪᠠᠴᠢᠮ ᠪᠠᠶᠢᠳᠠᠯ ᠢ ᠠᠷᠭᠠᠴᠠᠬᠤ ᠶᠢᠨ ᠵᠢᠷᠤᠮᠯᠠᠯ       ᠣᠩᠨᠢᠭᠤᠳ ᠬᠤᠰᠢᠭᠤᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠲᠤ ᠱᠠᠲᠤ ᠬᠤᠪᠢᠶᠠᠨ ᠬᠠᠷᠢᠭᠤᠴᠠᠬᠤ᠂ ᠬᠤᠰᠢᠭᠤᠨ ᠤ ᠵᠠᠰᠠᠭ ᠤᠨ ᠣᠷᠳᠣᠨ ᠢᠶᠠᠷ ᠭᠤᠤᠯ ᠪᠣᠯᠭᠠᠬᠤ᠂ ᠲᠥᠷᠥᠯ ᠬᠤᠪᠢᠶᠠᠨ ᠠᠷᠭᠠᠴᠠᠬᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠵᠠᠷᠴᠢᠮ ᠢ ᠵᠢᠷᠤᠮᠯᠠᠬᠤ ᠬᠡᠷᠡᠭᠲᠡᠶ᠃ ᠮᠤᠵᠢ ( ᠣᠷᠣᠨ ) ᠠᠯᠤᠰᠯᠠᠭᠰᠠᠨ ᠵᠠᠰᠠᠭ ᠵᠠᠬᠢᠷᠭᠠᠨ ᠤ ᠣᠷᠣᠨ ᠪᠦᠰᠡ ᠳᠤ ᠬᠤᠯᠪᠣᠭᠳᠠᠭᠰᠠᠨ᠂ ᠡᠰᠡᠬᠦᠯ᠎ᠡ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠭᠠᠴᠠᠬᠤ ᠴᠢᠳᠠᠪᠤᠷᠢ ᠠᠴᠠ ᠬᠡᠲᠦᠷᠡᠭᠰᠡᠨ ᠣᠨᠴᠠ ᠬᠦᠨᠳᠦ ᠶᠡᠭᠡ ᠪᠠ ᠬᠦᠨᠳᠦ ᠶᠡᠭᠡ ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ᠢ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠨᠢ ᠤᠷᠢᠳᠠᠪᠠᠷ ᠰᠢᠶᠳᠪᠦᠷᠢᠯᠡᠬᠦ ᠶᠢ ᠰᠠᠶᠢᠲᠤᠷ ᠬᠢᠬᠦ ᠶᠢᠨ ᠬᠠᠮᠲᠤ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ  ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠠᠷᠤᠶᠢᠬᠠᠨ ᠮᠡᠳᠡᠭᠦᠯᠵᠦ ᠂ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠠᠴᠠ ᠲᠤᠰᠠᠯᠠᠬᠤ ᠪᠤᠶᠤ ᠵᠣᠬᠢᠶᠠᠨ ᠪᠠᠶᠢᠭᠤᠯᠵᠤ ᠠᠷᠭᠠᠴᠠᠬᠤ ᠶᠢ ᠭᠤᠶᠤᠴᠢᠯᠠᠨ᠎ᠠ᠃ ᠨᠡᠯᠢᠶᠡᠳ ᠶᠡᠭᠡ ᠪᠠ ᠡᠩ ᠤᠨ ᠭᠡᠨᠡᠳᠲᠡ ᠶᠢᠨ ᠬᠡᠷᠡᠭ ᠭᠠᠷᠪᠠᠯ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠣᠨ ᠣᠷᠳᠣᠨ ᠪᠠ ᠣᠩᠨᠢᠭᠤᠳ ᠬᠤᠰᠢᠭᠤᠨ ᠤ ᠠᠷᠠᠳ ᠤᠨ ᠵᠠᠰᠠᠭ ᠣᠨ ᠣᠷᠳᠣᠨ ᠠᠴᠠ ᠲᠤᠰ ᠲᠤᠰ ᠵᠣᠬᠢᠶᠠᠨ ᠪᠠᠶᠢᠭᠤᠯᠵᠤ ᠠᠷᠭᠠᠴᠠᠬᠤ ᠬᠡᠷᠡᠭᠲᠡᠶ︔ ᠵᠠᠰᠠᠭ ᠵᠠᠬᠢᠷᠭᠠᠨ ᠤ ᠣᠷᠣᠨ ᠠᠯᠤᠰᠯᠠᠭᠰᠠᠨ᠂ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠭᠠᠴᠠᠬᠤ ᠴᠢᠳᠠᠪᠤᠷᠢ ᠠᠴᠠ ᠬᠡᠲᠦᠷᠡᠭᠰᠡᠨ ᠲᠠᠢ ᠬᠤᠯᠪᠣᠭᠳᠠᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠣᠷᠣᠨ ᠤ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠠᠷᠭᠠᠴᠠᠬᠤ ᠬᠡᠷᠡᠭᠲᠡᠶ᠃        ᠬᠠᠮᠢᠶ᠎ᠠ ᠪᠥᠬᠦᠶ ᠬᠤᠯᠪᠣᠭᠠᠰᠤ᠄ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号