《 ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ 》 ᠤᠨ ᠲᠠᠶᠢᠯᠤᠮᠵᠢ
ᠨᠡᠶᠢᠲᠡᠯᠡᠭᠰᠡᠨ ᠴᠠᠭ᠄
2023/12/27
      ᠨᠢᠭᠡ᠂ ᠠᠬᠤᠶ ᠪᠠᠶᠢᠳᠠᠯᠴᠠᠭ ᠠᠭᠤᠷ ᠤᠨ ᠦᠢᠯᠡᠰ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠲᠦᠮᠡᠨ ᠤ ᠠᠮᠤᠷ ᠲᠦᠪᠰᠢᠨ ᠠᠵᠠ ᠵᠢᠷᠭᠠᠯ ᠢ ᠬᠠᠮᠠᠭᠠᠯᠠᠬᠤ ᠴᠢᠬᠤᠯᠠ ᠪᠠᠲᠤᠯᠠᠭ᠎ᠠ ᠮᠥᠨ᠃ 《 ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠲᠣᠪᠴᠢ ( 2022-2035 ᠣᠨ ) 》 ( ᠲᠥᠷᠥ ᠲᠠᠷᠬᠠᠭᠠᠭᠰᠠᠨ  ﹇2022﹈11 ᠳ᠋ᠦ᠋ᠭᠡᠷ ᠲᠣᠭᠠᠲᠤ ) ᠲᠤᠷᠤᠭᠰᠢ ᠲᠣᠪᠴᠢ ᠭᠡᠵᠦ ᠲᠣᠪᠴᠢᠯᠠᠨ᠎ᠠ  ︶᠂ 《 ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ 》 ( ᠥᠪᠥᠷ ᠵᠠᠰᠠᠭ ᠲᠠᠷᠬᠠᠭᠠᠭᠰᠠᠨ 20216 ᠳ᠋ᠤᠭᠠᠷ ᠲᠣᠭᠠᠲᠤ ) ᠵᠢᠴᠢ 《 ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ 》 ( ᠤᠯᠠᠭᠠᠨᠬᠠᠳᠠ ᠵᠠᠰᠠᠭ ᠲᠠᠷᠬᠠᠭᠠᠭᠰᠠᠨ 202181 ᠳ᠋ᠦ᠋ᠭᠡᠷ ᠲᠣᠭᠠᠲᠤ ) ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ   ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ  ᠂ ᠴᠠᠭ ᠠᠭᠤᠷ ᠤᠨ ᠪᠠᠲᠤᠯᠠᠭ᠎ᠠ ᠶᠢᠨ ᠣᠩᠨᠢᠭᠤᠳ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ  ᠂ ᠮᠠᠨ ᠤ ᠬᠤᠰᠢᠭᠤᠨ ᠤ ᠪᠣᠳᠠᠲᠤ ᠪᠠᠶᠳᠠᠯ ᠲᠠᠢ ᠤᠶᠠᠯᠳᠤᠭᠤᠯᠤᠨ᠂ ᠡᠳᠦᠭᠡ ᠣᠩᠨᠢᠭᠤᠳ ᠬᠤᠰᠢᠭᠤᠨ ᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃       ᠬᠤᠶᠠᠷ᠂ ᠬᠥᠭᠵᠢᠯᠲᠡ ᠶᠢᠨ ᠬᠠᠷᠠᠯᠲᠠ       2025 ᠣᠨ ᠪᠣᠯᠬᠤ ᠳᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠠᠭ ᠠᠭᠤᠷ ᠤᠨ ᠭᠠᠮᠰᠢᠭ  ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠶᠯᠡᠳᠦᠯ ᠢ ᠨᠠᠩ ᠢᠯᠡᠭᠦᠦ ᠢᠯᠡᠷᠡᠭᠦᠯᠵᠦ᠂ ᠴᠠᠭ ᠠᠭᠤᠷ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠴᠠᠭ ᠠᠭᠤᠷ ᠤᠨ ᠣᠳᠣᠬᠢᠴᠢᠯᠠᠯᠲᠠ ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠪᠢ ᠨᠡᠮᠡᠷᠢ ᠶᠢᠨ ᠨᠣᠷᠮ᠎ᠠ ᠶᠢ ᠢᠯᠡᠳᠲᠡ ᠳᠡᠭᠡᠭᠰᠢᠯᠡᠭᠦᠯᠦᠨ᠎ᠡ᠃ ᠵᠢᠷᠭᠤᠭᠠᠨ ᠡᠯᠧᠮᠧᠨ᠋ᠲ ᠠᠴᠠ ᠳᠡᠭᠡᠭᠰᠢᠬᠢ ᠠᠦ᠋ᠲ᠋ᠣ᠋ ᠥᠷᠲᠡᠭᠡ ᠶᠢᠨ ᠳᠤᠮᠳᠠᠴᠢ ᠵᠠᠶ ᠨᠢ 25 ᠺᠢᠯᠣᠮᠧᠲᠷ ᠠᠴᠠ ᠪᠠᠭ᠎ᠠ ᠪᠠᠶᠢᠵᠤ᠂ ᠤᠷᠢᠳᠴᠢᠯᠠᠨ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠶᠢᠨ ᠬᠡᠮᠵᠢᠶ᠎ᠡ ᠶᠢ 《 135 》 ᠶᠢᠨ ᠲᠥᠯᠥᠪᠵᠢᠭᠦᠯᠭᠡ ᠶᠢᠨ ᠳᠤᠮᠳᠠᠴᠢ ᠬᠢᠷᠢ ᠲᠦᠪᠰᠢᠨ ᠠᠴᠠ 5 % ᠪᠠᠷ ᠳᠡᠭᠡᠭᠰᠢᠯᠡᠭᠦᠯᠵᠦ᠂ ᠴᠠᠭ ᠠᠭᠤᠷ ᠤᠨ ᠦᠶᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ 96 ᠬᠤᠪᠢ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠴᠠᠭ ᠠᠭᠤᠷ ᠤᠨ ᠬᠠᠶᠢᠨ ᠬᠡᠮᠵᠢᠯᠲᠡ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠴᠠᠭ ᠠᠭᠤᠷ ᠤᠨ ᠲᠠᠷᠢᠶᠠᠯᠠᠩ ᠮᠠᠯ ᠠᠵᠤ ᠠᠬᠤᠶ ᠳᠤ ᠦᠶᠯᠡᠴᠢᠯᠡᠬᠦ ᠵᠡᠷᠭᠡ ᠴᠢᠳᠠᠪᠤᠷᠢ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃2035 ᠣᠨ ᠪᠣᠯᠬᠤ ᠳᠤ ᠬᠢᠨᠠᠨ ᠬᠡᠮᠵᠢᠯᠲᠡ ᠨᠢ ᠨᠠᠷᠢᠯᠢᠭ᠂ ᠤᠷᠢᠳᠴᠢᠯᠠᠨ ᠮᠡᠳᠡᠭᠡᠯᠡᠬᠦ ᠨᠢ ᠨᠠᠷᠢᠯᠢᠭ᠂ ᠦᠶᠯᠡᠴᠢᠯᠡᠭᠡ ᠨᠢ ᠨᠠᠷᠢᠯᠢᠭ᠂ ᠠᠷᠠᠳ ᠲᠦᠮᠡᠨ ᠳᠤ ᠲᠠᠭᠠᠰᠢᠶᠠᠭᠳᠠᠭᠰᠠᠨ ᠣᠶᠤᠨᠴᠢ ᠴᠠᠭ ᠠᠭᠤᠷ ᠢᠶᠠᠷ ᠭᠤᠤᠯ ᠣᠨᠴᠠᠯᠢᠭ ᠪᠣᠯᠭᠠᠭᠰᠠᠨ ᠴᠠᠭ ᠠᠭᠤᠷ ᠤᠨ ᠣᠳᠣᠬᠢᠴᠢᠯᠠᠯᠲᠠ ᠶᠢᠨ ᠰᠢᠰᠲ᠋ᠧᠮ ᠢ ᠦᠨᠳᠦᠰᠦᠨ ᠳᠡᠭᠡᠨ ᠪᠡᠶᠡᠯᠡᠭᠦᠯᠵᠦ᠂ ᠠᠮᠢ ᠨᠠᠰᠤᠨ ᠤ ᠠᠮᠤᠷ ᠲᠦᠪᠰᠢᠨ᠂ ᠦᠶᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠶ ᠰᠠᠶᠢᠨ ᠰᠠᠶᠢᠬᠠᠨ ᠪᠠᠶᠢᠬᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠦᠶᠯᠡᠴᠢᠯᠡᠵᠦ ᠪᠠᠲᠤᠯᠠᠨ᠎ᠠ᠃        ᠭᠤᠷᠪᠠ᠂ ᠭᠤᠣᠯ ᠡᠭᠦᠷᠭᠡ        ( ᠨᠢᠭᠡ ) ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ  ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃        ( ᠬᠤᠶᠠᠷ ) ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠴᠢᠯᠡᠭᠡᠨ ᠤ ᠪᠣᠬᠢᠷᠲᠤᠯ ᠦᠭᠡᠢ ᠬᠥᠭᠵᠢᠯᠲᠡ ᠳᠤ ᠦᠵᠡᠭᠦᠯᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃( ᠭᠤᠷᠪᠠ ) ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃      ( ᠳᠥᠷᠪᠡ ) ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠰᠢᠭ ᠬᠠᠷᠠᠨ ᠬᠤᠤᠷ ᠠᠴᠠ ᠵᠠᠶᠢᠯᠠᠬᠤ ᠦᠶᠯᠡᠴᠢᠯᠡᠭᠡᠨ ᠤ ᠪᠠᠲᠤᠯᠠᠭ᠎ᠠ ᠶᠢᠨ ᠦᠷ᠎ᠡ ᠠᠰᠢᠭ ᠢ ᠪᠠᠳᠠᠷᠠᠭᠤᠯᠤᠨ᠎ᠠ᠃     ( ᠲᠠᠪᠤ ) ᠣᠯᠠᠨ ᠨᠡᠶᠢᠲᠡ ᠶᠢᠨ ᠴᠠᠭ ᠠᠭᠤᠷ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠶᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     ( ᠵᠢᠷᠭᠤᠭ᠎ᠠ ) ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠶᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃     ( ᠳᠣᠯᠤᠭ᠎ᠠ ) ᠣᠳᠣ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠬᠡᠮᠵᠢᠶ᠎ᠡ   ᠶᠢ ᠳᠡᠭᠡᠭᠰᠢᠯᠡᠭᠦᠯᠦᠨ᠎ᠡ᠃      ᠬᠠᠮᠢᠶ᠎ᠠ ᠪᠥᠬᠦᠶ ᠬᠤᠯᠪᠣᠭᠠᠰᠤ᠄ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ 《 ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ 》 ᠢ ᠳᠠᠷᠤᠮᠠᠯᠯᠠᠨ ᠲᠠᠷᠬᠠᠭᠠᠬᠤ ᠮᠡᠳᠡᠭᠳᠡᠯ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号