《 ᠣᠩᠨᠢᠭᠤᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ 〈 ᠬᠤᠶᠠᠷ ᠬᠠᠷᠢᠭᠤᠴᠠᠯᠭ᠎ᠠ 〉  ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ 》 ᠤᠨ ᠲᠠᠶᠢᠯᠤᠮᠵᠢ
ᠨᠡᠶᠢᠲᠡᠯᠡᠭᠰᠡᠨ ᠴᠠᠭ᠄
2023/12/28
       ᠨᠢᠭᠡ᠂ ᠠᠬᠤᠶ ᠪᠠᠶᠢᠳᠠᠯ        ᠢᠳᠡᠭᠡᠨ ᠤ ᠠᠮᠤᠷ ᠲᠦᠪᠰᠢᠨ ᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠤᠳᠠᠳᠠᠶᠢᠵᠢᠭᠤᠯᠵᠤ  ᠂ ᠢᠳᠡᠭᠡᠨ  ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠤᠨ ᠴᠢᠩᠭ᠎ᠠ ᠡᠵᠡᠮᠳᠡᠬᠦ ᠶᠢᠨ ᠲᠥᠯᠥᠭᠡ᠂ 《 ᠱᠠᠲᠤ ᠬᠤᠪᠢᠶᠠᠨ ᠲᠠᠰ ᠬᠤᠪᠢᠶᠠᠨ ᠲᠤᠶᠢᠯ ᠤᠨ ᠣᠨᠣᠪᠴᠢᠲᠠᠶ ᠪᠠᠷ ᠰᠡᠷᠭᠡᠶᠢᠯᠡᠨ ᠡᠵᠡᠮᠳᠡᠬᠦ ᠲᠡᠭᠦᠰᠬᠡᠯ ᠦᠵᠦᠭᠦᠷ ᠤᠨ ᠬᠦᠴᠦᠯᠡᠬᠦ ᠦᠶᠯᠡᠳᠦᠯ ᠦᠵᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠢᠳᠡᠭᠡᠨ ᠤ ᠠᠮᠤᠷ ᠲᠦᠪᠰᠢᠨ ᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠮᠡᠳᠡᠭᠳᠡᠯ 》 ( ᠢᠳᠡᠭᠡᠨ ᠠᠶᠤᠯᠭᠦᠢ ᠵᠥᠪᠯᠡᠯ ᠲᠠᠷᠬᠠᠭᠠᠭᠰᠠᠨ   ﹇2022﹈ 27 ᠳ᠋ᠤᠭᠠᠷ ᠲᠣᠭᠠᠲᠤ )᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠢᠳᠡᠭᠡᠨ ᠪᠠ ᠡᠮ ᠤᠨ ᠵᠦᠶᠯ  ᠤᠨ ᠠᠮᠤᠷ ᠲᠦᠪᠰᠢᠨ ᠤ ᠵᠥᠪᠯᠡᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠡᠷᠭᠡ ᠱᠠᠭᠠᠷᠳᠠᠯᠭ᠎ᠠ ᠶᠢ ᠦᠨᠳᠦᠰᠦᠯᠡᠵᠦ᠂ ᠢᠳᠡᠭᠡᠨ ᠤ ᠠᠶᠤᠯᠭᠦᠢ ᠶᠢᠨ ᠪᠠᠲᠤᠯᠠᠨ ᠳᠠᠭᠠᠭᠠᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠢᠳᠡᠭᠡᠨ ᠤ ᠠᠮᠤᠷ ᠲᠦᠪᠰᠢᠨ ᠤ 《 ᠬᠤᠶᠠᠷ ᠬᠠᠷᠢᠭᠤᠴᠠᠯᠭ᠎ᠠ 》  ᠶᠢᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠲᠦᠷᠭᠡᠳᠬᠡᠨ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠳᠠᠭᠠᠭᠠᠴᠢᠯᠠᠨ ᠪᠠᠲᠤᠯᠠᠬᠤ ᠠᠵᠢᠯ ᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃         ᠨᠢᠭᠡ᠂ ᠠᠵᠢᠯ ᠤᠨ ᠡᠭᠦᠷᠭᠡ         ( ᠨᠢᠭᠡ ) ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠤᠳᠠᠳᠠᠶᠢᠵᠢᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ ᠡᠷᠬᠡᠪᠰᠢ ᠳᠠᠭᠠᠭᠠᠨ ᠪᠠᠲᠤᠯᠠᠬᠤ ᠺᠠᠳ᠋ᠷ ᠪᠣᠯᠵᠤ᠂ ᠲᠤᠰ ᠬᠠᠷᠢᠶ᠎ᠠ ᠣᠷᠣᠨ ᠤ C ᠲᠡᠰ ᠤᠨ ᠳᠠᠭᠠᠭᠠᠨ ᠪᠠᠲᠤᠯᠠᠬᠤ ᠭᠤᠤᠯ ᠴᠣᠭᠴᠠ ᠶᠢ ᠬᠢᠨᠠᠨ ᠵᠢᠯᠣᠭᠤᠳᠴᠤ᠂ 《 ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠬᠢᠭᠡᠳ ᠡᠭᠦᠷᠭᠡ ᠶᠢᠨ ᠠᠮᠠᠯᠠᠯᠲᠠ ᠶᠢᠨ ᠪᠢᠴᠢᠭ 》 ᠲᠤ ᠭᠠᠷ ᠤᠨ ᠦᠰᠦᠭ ᠵᠢᠷᠤᠬᠤ ᠬᠡᠷᠡᠭᠲᠡᠶ᠃ ᠡᠭᠦᠨ ᠠᠴᠠ ᠭᠠᠳᠠᠨ᠎ᠠ 《 ᠢᠳᠡᠭᠡᠨ ᠤ ᠠᠮᠤᠷ ᠲᠦᠪᠰᠢᠨ ᠤ ᠪᠠᠶᠢᠴᠠᠭᠠᠭᠴᠢ 》 APP ᠶᠢ ᠨᠢᠭᠡᠨᠲᠡ ᠰᠦᠯᠵᠢᠶᠡᠨ ᠳᠤ ᠭᠠᠷᠭᠠᠭᠰᠠᠨ ᠪᠣᠯᠬᠤᠷ᠂ ᠳᠠᠭᠠᠭᠠᠨ ᠠᠪᠬᠤ ᠪᠣᠶ ᠪᠥᠬᠦᠶ ᠺᠠᠳ᠋ᠷ ᠢ ᠡᠷᠬᠡᠪᠰᠢ APP ᠶᠢ ᠨᠡᠶᠢᠳᠡᠮ ᠪᠠᠭᠤᠯᠭᠠᠵᠤ ᠠᠪᠬᠤ ᠬᠡᠷᠡᠭᠲᠡᠶ ᠭᠡᠵᠦ ᠱᠠᠭᠠᠷᠳᠠᠪᠠ᠃        ( ᠬᠤᠶᠠᠷ ) ᠠᠵᠢᠯ ᠤᠨ ᠡᠬᠡ ᠲᠠᠩᠰᠠ ᠶᠢ ᠪᠠᠶᠢᠭᠤᠯᠤᠨ ᠲᠡᠭᠦᠯᠲᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠠᠯᠪᠠᠨ ᠬᠡᠷ ᠣᠶᠢᠷ᠎ᠠ ᠳᠤ ᠨᠢᠭᠡᠨᠲᠡ 《 ᠭᠤᠷᠪᠠᠨ ᠵᠢᠵᠢᠭ 》 ( ᠵᠢᠵᠢᠭ ᠦᠶᠯᠡᠳᠬᠡᠯ᠂ ᠵᠢᠵᠢᠭ ᠢᠳᠡᠭᠡᠨ ᠤᠮᠳᠠᠭᠠᠨ᠂ ᠵᠢᠵᠢᠭ ᠳᠡᠯᠭᠡᠭᠦᠷᠴᠢᠨ )᠂ ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠪᠣᠷᠣᠯᠠᠭᠤᠯᠤᠭᠰᠠᠨ ᠢᠳᠡᠭᠡᠨ ᠡᠵᠡᠩᠨᠡᠭᠴᠢ ᠶᠢᠨ ᠲᠤᠭ᠎ᠠ ᠪᠠᠷᠢᠮᠲᠠ ᠶᠢ 《 ᠢᠳᠡᠭᠡᠨ ᠤ ᠠᠮᠤᠷ ᠲᠦᠪᠰᠢᠨ ᠤ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠠᠪᠴᠠᠩ ᠢ ᠨᠠᠶᠢᠳᠠᠪᠤᠷᠢᠵᠢᠭᠤᠯᠬᠤ 》 ( ᠳᠣᠷᠣᠭᠰᠢ 《 ᠲᠠᠪᠴᠠᠩ 》 ᠭᠡᠵᠦ ᠲᠣᠪᠴᠢᠯᠠᠨ᠎ᠠ ) ᠳᠤ ᠳᠠᠮᠵᠢᠭᠤᠯᠬᠤ  ᠶᠢᠨ ᠬᠠᠮᠲᠤ᠂ ᠬᠤᠰᠢᠭᠤᠨ ᠤ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠠᠯᠪᠠᠨ ᠬᠡᠷ ᠨᠢᠭᠡᠨᠲᠡ ᠢᠳᠡᠭᠡᠨ ᠦᠶᠯᠡᠳᠪᠦᠷᠢᠯᠡᠵᠦ ᠪᠣᠷᠣᠯᠠᠭᠤᠯᠬᠤ ᠡᠵᠡᠩᠨᠡᠭᠴᠢ ᠶᠢᠨ ᠨᠥᠬᠦᠵᠦ ᠰᠢᠩᠭᠡᠭᠡᠭᠰᠡᠨ ᠲᠤᠭ᠎ᠠ ᠪᠠᠷᠢᠮᠲᠠ ᠶᠢ ᠲᠠᠪᠴᠠᠩ ᠳᠤ ᠳᠠᠮᠵᠢᠭᠤᠯᠵᠤ᠂ ᠡᠯ᠎ᠡ ᠭᠠᠵᠠᠷ ᠣᠷᠣᠨ ᠤ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠠᠯᠪᠠᠨ ᠬᠡᠷ ᠨᠢ ᠲᠠᠪᠴᠠᠩ ᠳᠡᠭᠡᠷ᠎ᠡ ᠳᠠᠭᠠᠭᠠᠨ ᠪᠠᠲᠤᠯᠠᠭᠰᠠᠨ ᠺᠠᠳ᠋ᠷ ᠢ ᠲᠦᠷᠭᠡᠬᠡᠨ ᠬᠤᠪᠢᠶᠠᠷᠢᠯᠠᠬᠤ ᠶᠢᠨ ᠬᠠᠮᠲᠤ᠂ ᠬᠠᠮᠢᠶ᠎ᠠ ᠪᠥᠬᠦᠶ ᠳᠠᠭᠠᠭᠠᠨ ᠪᠠᠲᠤᠯᠠᠭᠰᠠᠨ ᠺᠠᠳ᠋ᠷᠴᠤᠳ ᠢ ᠰᠢᠮᠳᠠᠭᠤᠯᠵᠤ ᠪᠠᠶᠢᠭᠠᠳ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠢ ᠲᠦᠷᠭᠡᠬᠡᠨ ᠪᠡᠶᠡᠯᠡᠭᠦᠯᠬᠦ ᠬᠡᠷᠡᠭᠲᠡᠶ᠃ ( ᠲᠠᠶᠢᠯᠪᠤᠷᠢ᠄ ᠳᠠᠭᠠᠭᠠᠨ ᠪᠠᠲᠤᠯᠠᠬᠤ ᠺᠠᠳ᠋ᠷ ᠤᠨ ᠲᠤᠭ᠎ᠠ ᠶᠢ ᠵᠣᠬᠢᠰᠲᠠᠶ ᠨᠡᠮᠡᠭᠳᠡᠭᠦᠯᠵᠦ ᠪᠣᠯᠤᠨ᠎ᠠ᠂ ᠱᠠᠭᠠᠷᠳᠠᠯᠭ᠎ᠠ ᠶᠣᠰᠣᠭᠠᠷ 《 ᠬᠠᠷᠢᠭᠤᠴᠠᠯᠭ᠎ᠠ ᠶᠢᠨ ᠨᠠᠷᠢᠨ ᠬᠠᠭᠤᠳᠠᠰᠤ 》᠂ 《 ᠡᠭᠦᠷᠭᠡ ᠶᠢᠨ ᠨᠠᠷᠢᠨ ᠬᠠᠭᠤᠳᠠᠰᠤ 》 ᠶᠢ ᠪᠠᠶᠢᠭᠤᠯᠤᠨ ᠲᠡᠭᠦᠯᠳᠡᠷᠵᠢᠭᠦᠯᠵᠦ᠂ 《 ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠬᠢᠭᠡᠳ ᠡᠭᠦᠷᠭᠡ ᠶᠢᠨ ᠠᠮᠠᠯᠠᠯᠲᠠ ᠶᠢᠨ ᠪᠢᠴᠢᠭ 》 ᠢ ᠲᠣᠭᠲᠠᠨ᠎ᠠ ᠃ )        ︵ᠭᠤᠷᠪᠠ︶ ᠪᠦᠬᠦ ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠳᠠᠭᠠᠭᠠᠨ ᠪᠠᠲᠤᠯᠠᠬᠤ ᠺᠠᠳ᠋ᠷ ᠪᠣᠯᠤᠨ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠤᠨ ᠠᠵᠢᠯᠲᠠᠨ 《 〈 ᠤᠯᠠᠭᠠᠨᠬᠠᠳᠠ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠳᠠᠭᠠᠭᠠᠨ ᠪᠠᠲᠤᠯᠠᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ ᠠᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠢ ᠥᠷᠨᠢᠭᠦᠯᠬᠦ ᠲᠤᠬᠠᠶ ᠮᠡᠳᠡᠭᠳᠡᠯ 〉 ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ 》 ( ᠣᠩᠨᠢᠭᠤᠳ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ   ﹇2023﹈ 2 ᠳ᠋ᠤᠭᠠᠷ ᠲᠣᠭᠠᠲᠤ ) ᠤᠨ ᠱᠠᠭᠠᠷᠳᠠᠯᠭ᠎ᠠ ᠶᠣᠰᠣᠭᠠᠷ᠂ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠠᠵᠢᠯ ᠳᠤ ᠢᠳᠡᠪᠬᠢᠲᠡᠶ ᠣᠷᠣᠯᠴᠠᠵᠤ᠂ 8 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠪᠦᠬᠦᠨ ᠢ ᠪᠣᠯᠪᠠᠰᠤᠷᠠᠭᠤᠯᠤᠯ ᠳᠤ ᠣᠷᠣᠯᠴᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃        ( ᠳᠥᠷᠪᠡ ) ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠷᠠᠭᠤᠯᠬᠤ ᠬᠡᠷᠡᠭᠲᠡᠢ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠡᠨᠡᠬᠦ ᠠᠵᠢᠯ ᠢ ᠡᠯ᠎ᠡ ᠭᠠᠵᠠᠷ ᠣᠷᠣᠨ ᠤ ᠵᠢᠯ ᠤᠨ ᠡᠴᠦᠰ ᠤᠨ ᠬᠢᠨᠠᠨ ᠰᠢᠯᠭᠠᠯᠲᠠ ᠳᠤ ᠣᠷᠣᠭᠤᠯᠵᠤ᠂ ᠬᠤᠰᠢᠭᠤ ᠢᠳᠡᠭᠡᠨ ᠡᠮ ᠤᠨ ᠵᠦᠶᠯᠡᠰ ᠤᠨ ᠠᠮᠤᠷ ᠲᠦᠪᠰᠢᠨ ᠤ ᠠᠯᠪᠠᠨ ᠬᠡᠷ ᠴᠦ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠠᠯᠪᠠᠨ ᠬᠡᠷ ᠲᠠᠢ ᠬᠠᠮᠲᠤᠷᠠᠨ ᠠᠬᠢᠴᠠ ᠤᠳᠠᠭᠠᠨ ᠭᠠᠵᠠᠷ ᠣᠷᠣᠨ ᠳᠤ ᠬᠢᠨᠠᠨ ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠵᠢᠯ ᠤᠨ ᠡᠴᠦᠰ ᠤᠨ ᠬᠢᠨᠠᠨ ᠰᠢᠯᠭᠠᠯᠲᠠ ᠶᠢᠨ ᠬᠢᠷᠢ ᠪᠦᠲᠦᠮᠵᠢ ᠳᠤ ᠲᠡᠮᠳᠡᠭᠯᠡᠵᠦ᠂ ᠠᠬᠢᠴᠠ ᠤᠳᠠᠭᠠᠨ ᠭᠠᠵᠠᠷ ᠣᠷᠣᠨ ᠤ ᠭᠤᠤᠯ ᠤᠳᠤᠷᠢᠳᠤᠯᠭ᠎ᠠ ᠲᠠᠢ ᠪᠣᠯᠵᠣᠨ ᠶᠠᠷᠢᠯᠴᠠᠨ᠎ᠠ᠃        ᠬᠠᠮᠢᠶ᠎ᠠ ᠪᠦᠬᠦᠢ ᠬᠤᠯᠪᠣᠭᠠᠰᠤ᠄ ᠣᠩᠨᠢᠭᠤᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ 《 ᠬᠤᠶᠠᠷ ᠬᠠᠷᠢᠭᠤᠴᠠᠯᠭ᠎ᠠ 》 ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号