《 ᠣᠩᠨᠢᠭᠤᠳ ᠬᠤᠰᠢᠭᠤᠨ ᠤ ᠴᠠᠬᠢᠯᠭᠠᠨ ᠬᠦᠴᠦᠨ ᠢ ᠵᠠᠯᠭᠠᠵᠤ ᠣᠷᠣᠭᠤᠯᠬᠤ ᠢᠨᠵᠧᠨᠧᠷᠢᠩ ᠤᠨ ᠵᠠᠰᠠᠭ ᠠᠵᠤ ᠠᠬᠤᠶᠢᠯᠠᠯ ᠤᠨ ᠬᠠᠮᠲᠤ ᠪᠠᠷ ᠡᠭᠦᠷᠭᠡᠯᠡᠬᠦ ᠲᠣᠭᠲᠠᠴᠠ ᠶᠢᠨ ᠬᠡᠷᠡᠭᠵᠢᠭᠦᠯᠬᠦ ᠰᠠᠨᠠᠯ 》 ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2023/12/28
        ᠨᠢᠭᠡ᠂ ᠠᠬᠤᠶ ᠪᠠᠶᠢᠳᠠᠯ       《 ᠬᠤᠲᠠ ᠪᠠᠯᠭᠠᠰᠤ ᠶᠢᠨ ᠤᠰᠤ ᠴᠠᠬᠢᠯᠭᠠᠨ ᠢᠯᠴᠢ ᠬᠠᠩᠭᠠᠬᠤ ᠠᠵᠢᠯ ᠲᠥᠷᠥᠯ ᠤᠨ ᠰᠦᠶᠳᠬᠡᠯ ᠬᠤᠷᠢᠶᠠᠯᠲᠠ ᠶᠢ ᠢᠯᠭᠠᠷᠠᠭᠤᠯᠤᠨ ᠵᠢᠷᠤᠮᠵᠢᠭᠤᠯᠵᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠰᠠᠨᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ 》 ( ᠲᠥᠷᠥ ᠠᠯᠪᠠᠨ ᠵᠠᠬᠢᠳᠠᠯ  ﹇2020﹈129 ᠳ᠋ᠦ᠋ᠭᠡᠷ ᠲᠣᠭᠠᠲᠤ ) 《 〈 ᠭᠠᠵᠠᠷ ᠰᠢᠷᠣᠶ ᠨᠥᠭᠡᠴᠡᠯᠡᠬᠦ ᠪᠠᠯᠠ ᠮᠥᠩᠭᠦ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ 〉 ᠶᠢ ᠳᠠᠷᠤᠮᠠᠯᠯᠠᠨ ᠶᠠᠪᠤᠭᠤᠯᠬᠤ ᠲᠤᠬᠠᠶ ᠡᠳ᠋  ᠤᠨ ᠵᠠᠰᠠᠭ ᠤᠨ ᠶᠠᠮᠤᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠤ ᠮᠡᠳᠡᠭᠳᠡᠯ 》 ( ᠡᠳ᠋ ᠶᠡᠷᠦᠩᠬᠡᠶᠢᠯᠡᠯ  ﹇2018﹈ 8 ᠳ᠋ᠤᠭᠠᠷ ᠲᠣᠭᠠᠲᠤ ) ᠪᠠ 《 〈 ᠬᠤᠲᠠ ᠪᠠᠯᠭᠠᠰᠤ ᠶᠢᠨ ᠤᠰᠤ ᠴᠠᠬᠢᠯᠭᠠᠨ ᠢᠯᠴᠢ ᠬᠠᠩᠭᠠᠬᠤ ᠠᠵᠢᠯ ᠲᠥᠷᠥᠯ ᠤᠨ ᠰᠦᠶᠳᠬᠡᠯ ᠬᠤᠷᠢᠶᠠᠯᠲᠠ ᠶᠢ ᠢᠯᠭᠠᠷᠠᠭᠤᠯᠤᠨ ᠵᠢᠷᠤᠮᠵᠢᠭᠤᠯᠵᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ 〉 ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ 》 ( ᠥᠪᠥᠷ ᠵᠠᠰᠠᠭ ᠠᠯᠪᠠᠨ ᠥᠰᠥᠭ  ﹇2021﹈ 59 ᠳ᠋ᠤᠭᠠᠷ ᠲᠣᠭᠠᠲᠤ ) ᠵᠡᠷᠬᠡ ᠪᠢᠴᠢᠭ ᠮᠠᠲ᠋ᠧᠷᠢᠶᠠᠯ ᠤᠨ ᠵᠤᠷᠠᠶᠢᠭ᠎ᠠ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃        ᠬᠤᠶᠠᠷ᠂ ᠬᠡᠷᠡᠭᠯᠡᠬᠦ ᠬᠡᠪᠴᠢᠶ᠎ᠡ        ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ᠂ 2021 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠬᠤᠶᠢᠰᠢ ᠰᠢᠯᠵᠢᠭᠦᠯᠦᠨ ᠬᠤᠳᠠᠯᠳᠤᠬᠤ ᠪᠤᠶᠤ ᠬᠤᠪᠢᠶᠠᠷᠢᠯᠠᠨ ᠥᠭᠬᠦ ᠪᠠᠷ ᠳᠡᠮᠵᠢᠨ ᠣᠯᠤᠭᠰᠠᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷᠠᠬᠢ ᠲᠥᠷᠥᠯ ᠵᠦᠶᠯ ᠳᠤ ᠲᠣᠰ ᠮᠡᠳᠡᠭᠳᠡᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ 2021 ᠣᠨ  ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠭᠠᠵᠠᠷ ᠰᠢᠷᠣᠶ ᠬᠡᠷᠡᠭᠯᠡᠬᠦ ᠡᠷᠬᠡ ᠶᠢ ᠣᠯᠤᠭᠰᠠᠨ ᠲᠥᠷᠥᠯ ᠵᠦᠶᠯ ᠢ ᠮᠥᠨ ᠤᠤᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠤᠶᠤ ᠭᠡᠷ᠎ᠡ ᠶᠢᠨ ᠪᠣᠯᠵᠤᠭ᠎ᠠ ᠶᠣᠰᠣᠭᠠᠷ ᠬᠡᠷᠡᠭᠵᠢᠭᠦᠯᠦᠨ᠎ᠡ᠃        ᠭᠤᠷᠪᠠ᠂ ᠬᠡᠷᠡᠭᠵᠢᠭᠦᠯᠬᠦ ᠶᠠᠪᠤᠴᠠ ᠵᠢᠴᠢ ᠱᠠᠭᠠᠷᠳᠠᠯᠭ᠎ᠠ        ( ᠨᠢᠭᠡ ) ᠵᠢᠵᠢᠭ ᠪᠢᠴᠢᠯ ᠠᠵᠤ ᠠᠬᠤᠶᠢᠯᠠᠯ ᠤᠨ ᠳᠣᠣᠷ᠎ᠠ ᠳᠠᠷᠤᠯᠲᠠᠲᠤ ᠴᠠᠬᠢᠯᠭᠠᠨ ᠬᠦᠴᠦᠨ ᠢ ᠵᠠᠯᠭᠠᠵᠤ ᠣᠷᠣᠭᠤᠯᠬᠤ ᠢᠨᠵᠧᠨᠧᠷᠢᠩ᠃ ᠴᠠᠬᠢᠯᠭᠠᠨ ᠬᠠᠩᠭᠠᠬᠤ ᠺᠣᠮᠫᠠᠨᠢ ᠠᠴᠠ ᠪᠡᠯᠡ ᠭᠠᠷᠭᠠᠵᠤ ᠪᠦᠲᠦᠭᠡᠨ ᠪᠠᠶᠢᠭᠤᠯᠬᠤ᠂ ᠪᠡᠯᠡ ᠣᠷᠣᠭᠤᠯᠬᠤ ᠶᠢ ᠵᠣᠴᠢᠨ ᠡᠷᠦᠬᠡ ᠶᠢᠨ ᠪᠠᠷᠢᠯᠭ᠎ᠠ ᠶᠢᠨ ᠣᠷᠣᠨ ᠤ ᠬᠤᠪᠢᠶᠠᠷᠢ ᠶᠢᠨ ᠤᠯᠠᠭᠠᠨ ᠱᠤᠭᠤᠮ ᠳᠤ ᠬᠦᠷᠦᠭᠦᠯᠵᠦ᠂ ᠪᠣᠳᠠᠲᠠᠶ ᠪᠦᠲᠦᠭᠡᠨ ᠪᠠᠶᠢᠭᠤᠯᠬᠤ ᠴᠤᠪᠤᠷᠠᠯ ᠢ ᠴᠠᠬᠢᠯᠭᠠᠨ ᠬᠠᠩᠭᠠᠬᠤ ᠺᠣᠮᠫᠠᠨᠢ ᠶᠢᠨ ᠳᠣᠲᠣᠭᠠᠳᠤ ᠪᠠᠷᠢᠯᠭ᠎ᠠ ᠶᠢᠨ ᠲᠥᠷᠥᠯ ᠵᠦᠶᠯ ᠤᠨ ᠱᠠᠭᠠᠷᠳᠠᠯᠭ᠎ᠠ ᠶᠣᠰᠣᠭᠠᠷ ᠬᠠᠮᠢᠶᠠᠷᠬᠤ ᠬᠡᠷᠡᠭᠲᠡᠶ᠃        ( ᠬᠤᠶᠠᠷ ) ᠨᠥᠭᠡᠴᠡ ᠭᠠᠵᠠᠷ ᠰᠢᠷᠣᠶ ᠶᠢᠨ ᠴᠠᠬᠢᠯᠭᠠᠨ ᠬᠦᠴᠦᠨ ᠢ ᠵᠠᠯᠭᠠᠵᠤ ᠣᠷᠣᠭᠤᠯᠬᠤ ᠢᠨᠵᠧᠨᠧᠷᠢᠩ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠳᠤ ᠣᠷᠣᠭᠤᠯᠵᠤ᠂ ᠭᠠᠵᠠᠷ ᠰᠢᠷᠣᠶ ᠨᠥᠭᠡᠴᠡᠯᠡᠬᠦ ( ᠲᠠᠲᠠᠪᠤᠷᠢᠯᠠᠬᠤ ) ᠬᠠᠮᠢᠶᠠᠷᠤᠯᠲᠠ ᠶᠢᠨ ᠭᠤᠣᠯ ᠴᠣᠭᠴᠠ ᠪᠠᠷ ᠵᠠᠰᠠᠭ ᠤᠨ ᠣᠷᠳᠣᠨ  ᠤ ᠬᠡᠷᠡᠭᠵᠢᠭᠦᠯᠬᠦ ᠪᠠᠶᠢᠭᠤᠯᠤᠮᠵᠢ ᠪᠣᠯᠭᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠪᠡᠯᠡ ᠮᠥᠩᠭᠦ ᠶᠢ ᠬᠢᠨᠠᠨ ᠬᠠᠮᠢᠶᠠᠷᠬᠤ ᠵᠡᠷᠭᠡ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠵᠠᠷ ᠰᠢᠷᠣᠶ ᠨᠥᠭᠡᠴᠡᠯᠡᠬᠦ ᠲᠥᠷᠥᠯ ᠵᠦᠢᠯ ᠢ ᠭᠠᠵᠠᠷ ᠰᠢᠷᠣᠶ ᠨᠥᠭᠡᠴᠡᠯᠡᠬᠦ ( ᠲᠠᠲᠠᠪᠤᠷᠢᠯᠠᠬᠤ ) ᠬᠠᠮᠢᠶᠠᠷᠤᠯᠲᠠ  ᠶᠢᠨ ᠭᠤᠣᠯ ᠴᠣᠭᠴᠠ ᠠᠴᠠ ᠴᠠᠬᠢᠯᠭᠠᠨ ᠬᠦᠴᠦᠨ ᠤ ᠵᠠᠯᠭᠠᠵᠤ ᠣᠷᠣᠭᠤᠯᠤᠭᠰᠠᠨ ᠵᠠᠷᠤᠳᠠᠯ ᠢ ᠭᠠᠵᠠᠷ ᠰᠢᠷᠣᠶ ᠨᠥᠭᠡᠴᠡᠯᠡᠬᠦ ( ᠲᠠᠲᠠᠪᠤᠷᠢᠯᠠᠬᠤ ) ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠪᠠᠷᠤᠭᠯᠠᠨ ᠪᠣᠳᠣᠯᠲᠠ ᠳᠤ ᠵᠢᠭᠰᠠᠭᠠᠨ ᠣᠷᠣᠭᠤᠯᠬᠤ ᠶᠢᠨ ᠬᠠᠮᠲᠤ ᠳᠡᠭᠡᠷ᠎ᠡ ᠳᠤᠷᠠᠳᠤᠭᠰᠠᠨ ᠵᠠᠷᠤᠳᠠᠯ ᠢ ᠲᠥᠷᠥᠯ ᠵᠦᠢᠯ ᠤᠨ ᠨᠥᠭᠡᠴᠡᠯᠡᠬᠦ ᠥᠪᠡᠷ  ᠤᠨ ᠥᠷᠲᠡᠭ ᠲᠤ ᠣᠷᠣᠭᠤᠯᠤᠨ᠎ᠠ᠃ ᠭᠠᠵᠠᠷ ᠰᠢᠷᠣᠶ ᠨᠥᠭᠡᠴᠡᠯᠡᠬᠦ ( ᠲᠠᠲᠠᠪᠤᠷᠢᠯᠠᠬᠤ ) ᠬᠠᠮᠢᠶᠠᠷᠤᠯᠲᠠ ᠶᠢᠨ ᠭᠤᠤᠯ ᠴᠣᠭᠴᠠ ᠨᠢ ᠣᠷᠣᠯᠠᠨ ᠪᠠᠶᠢᠭᠤᠯᠬᠤ ᠭᠡᠷ᠎ᠡ ᠵᠢᠴᠢ ᠴᠠᠬᠢᠯᠭᠠᠨ ᠬᠠᠩᠭᠠᠬᠤ ᠺᠣᠮᠫᠠᠨᠢ ᠶᠢᠨ ᠭᠤᠶᠤᠴᠢᠯᠠᠯ ᠢ ᠦᠨᠳᠦᠰᠦᠯᠡᠨ᠂ ᠬᠠᠮᠢᠶ᠎ᠠ ᠪᠥᠬᠦᠶ ᠪᠠᠯᠠ ᠮᠥᠩᠭᠦ ᠶᠢ ᠲᠤᠰᠬᠠᠶ ᠡᠷᠦᠬᠡ ᠳᠤ ᠬᠦᠷᠲᠡᠯ᠎ᠡ ᠰᠠᠯᠭᠠᠨ ᠥᠭᠭᠦᠨ᠎ᠡ᠃         ( ᠭᠤᠷᠪᠠ ) ᠪᠤᠰᠤᠳ ᠲᠥᠷᠥᠯ ᠤᠨ ᠴᠠᠬᠢᠯᠭᠠᠨ ᠬᠦᠴᠦᠨ ᠢ ᠵᠠᠯᠭᠠᠵᠤ ᠣᠷᠣᠭᠤᠯᠬᠤ ᠪᠠᠷᠢᠯᠭ᠎ᠠ᠃ ᠳᠡᠭᠡᠷ᠎ᠡ ᠳᠤᠷᠠᠳᠤᠭᠰᠠᠨ ᠬᠤᠶᠠᠷ ᠲᠥᠷᠥᠯ ᠤᠨ ᠪᠠᠷᠢᠯᠭ᠎ᠠ ᠶᠢ ᠭᠠᠷᠭᠠᠪᠠᠯ᠂ ᠪᠤᠰᠤᠳ ᠲᠥᠷᠥᠯ ᠤᠨ ᠴᠠᠬᠢᠯᠭᠠᠨ ᠬᠦᠴᠦᠨ ᠢ ᠵᠠᠯᠭᠠᠵᠤ ᠣᠷᠣᠭᠤᠯᠬᠤ ᠪᠠᠷᠢᠯᠭ᠎ᠠ ᠶᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ ᠪᠡᠯᠡ ᠭᠠᠷᠭᠠᠬᠤ  ᠶᠢᠨ ᠬᠠᠮᠲᠤ ᠵᠠᠮ ᠱᠤᠭᠤᠮ ᠤᠨ ᠬᠤᠭᠤᠯᠠᠶ᠂ ᠴᠠᠬᠢᠯᠭᠠᠨ ᠳᠡᠭᠡᠰᠦ ᠬᠤᠭᠤᠯᠠᠶ ᠬᠤᠩᠭᠢᠯ ᠵᠢᠴᠢ ᠬᠤᠭᠤᠯᠠᠶ ᠤᠲᠠᠰᠤ ᠵᠡᠷᠭᠡ ᠪᠡᠯᠡᠳᠬᠡᠮᠵᠢ ᠶᠢ ᠬᠠᠷᠢᠭᠤᠴᠠᠨ ᠪᠦᠲᠦᠭᠡᠨ ᠪᠠᠶᠢᠭᠤᠯᠵᠤ᠂ ᠨᠥᠭᠡᠴᠡᠯᠡᠬᠦ ᠭᠠᠵᠠᠷ ᠰᠢᠷᠣᠶ ( ᠲᠠᠲᠠᠪᠤᠷᠢᠯᠠᠬᠤ )  ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠴᠤᠪᠤᠷᠠᠯ ᠢᠶᠠᠷ ᠯᠠᠪᠯᠠᠯᠲᠠ ᠪᠣᠯᠭᠠᠨ ᠴᠠᠬᠢᠯᠭᠠᠨ ᠬᠠᠩᠭᠠᠬᠤ ᠺᠣᠮᠫᠠᠨᠢ  ᠳᠤ ᠨᠠᠶᠢᠳᠠᠵᠤ ᠣᠷᠣᠯᠠᠨ ᠪᠠᠶᠢᠭᠤᠯᠤᠨ᠎ᠠ᠃ ᠴᠠᠬᠢᠯᠭᠠᠨ ᠬᠠᠩᠭᠠᠬᠤ ᠺᠣᠮᠫᠠᠨᠢ ᠬᠠᠮᠢᠶ᠎ᠠ ᠪᠦᠬᠦᠢ ᠪᠡᠯᠡ ᠣᠷᠣᠭᠤᠯᠤᠯᠲᠠ  ᠶᠢᠨ ᠲᠥᠷᠥ ᠶᠢᠨ ᠪᠣᠳᠣᠯᠭ᠎ᠠ ᠶᠢᠨ ᠶᠣᠰᠣᠭᠠᠷ ᠴᠠᠬᠢᠯᠭᠠᠨ ᠤ ᠬᠡᠰᠡᠭ ᠲᠤ ᠪᠡᠯᠡ ᠣᠷᠣᠭᠤᠯᠤᠨ ᠪᠦᠲᠦᠭᠡᠨ ᠪᠠᠶᠢᠭᠤᠯᠤᠨ᠎ᠠ᠃        ᠬᠠᠮᠢᠶ᠎ᠠ ᠪᠥᠬᠦᠶ ᠬᠤᠯᠪᠣᠭᠠᠰᠤ᠄ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 《 ᠣᠩᠨᠢᠭᠤᠳ ᠬᠤᠰᠢᠭᠤᠨ ᠤ ᠴᠠᠬᠢᠯᠭᠠᠨ ᠬᠦᠴᠦᠨ ᠢ ᠵᠠᠯᠭᠠᠵᠤ ᠣᠷᠣᠭᠤᠯᠬᠤ ᠢᠨᠵᠧᠨᠧᠷᠢᠩ  ᠤᠨ ᠵᠠᠰᠠᠭ ᠠᠵᠤ ᠠᠬᠤᠶᠢᠯᠠᠯ ᠤᠨ ᠬᠠᠮᠲᠤ ᠪᠠᠷ ᠡᠭᠦᠷᠭᠡᠯᠡᠬᠦ ᠲᠣᠭᠲᠠᠴᠠ ᠶᠢᠨ ᠬᠡᠷᠡᠭᠵᠢᠭᠦᠯᠬᠦ ᠰᠠᠨᠠᠯ 》 ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号