ᠪᠥᠬᠦ ᠬᠤᠰᠢᠭᠤᠨ ᠤ ᠰᠠᠯᠠᠭᠠᠨ ᠤ ᠲᠠᠰ ᠤᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠥᠯ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/5
        12 ᠰᠠᠷ᠎ᠠ ᠶᠢᠨ 4᠎ ᠤ ᠡᠳᠦᠷ᠂ ᠪᠥᠬᠦ ᠬᠤᠰᠢᠭᠤᠨ ᠤ ᠰᠠᠯᠠᠭᠠᠨ ᠤ ᠲᠠᠰ ᠤᠨ ᠺᠠᠳ᠋ᠷᠴᠤᠳ ᠤᠨ ᠰᠡᠷᠡᠮᠵᠢᠯᠡᠭᠦᠯᠥᠯ ᠬᠥᠮᠦᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤᠨ  ᠨᠠᠮ ᠤᠨ ᠬᠤᠷᠢᠶᠠᠨ ᠤ ᠱᠦᠵᠢ ᠵᠠᠩ ᠭᠦᠸᠧ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃         ᠬᠤᠷᠠᠯ ᠠᠴᠠ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠤᠷᠳᠤ ᠬᠤᠭᠤᠴᠠᠭ᠎ᠠ ᠪᠠᠷ ᠲᠦᠯᠬᠢᠨ ᠠᠬᠢᠭᠤᠯᠵᠤ᠂  ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠳᠤᠳᠬᠠᠨ᠂  ᠺᠠᠳ᠋ᠷ ᠤᠨ ᠡᠩᠨᠡᠭᠡ ᠶᠢ ᠴᠢᠩᠭ᠎ᠠ ᠬᠠᠮᠢᠶᠠᠷᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃        ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠢᠨ ᠲᠣᠭᠤᠷᠢᠨ ᠳᠤ᠂ ︽ᠵᠡᠭᠦᠨ ᠬᠡᠰᠡᠭ ᠭᠠᠵᠠᠷ ᠣᠷᠣᠨ ᠳᠤ ᠡᠯᠡᠰᠦ ᠶᠢ ᠵᠠᠰᠠᠬᠤ ᠂ ᠪᠠᠷᠠᠭᠤᠨ ᠬᠡᠰᠡᠭ ᠭᠠᠵᠠᠷ ᠣᠷᠣᠨ ᠳᠤ ᠬᠥᠷᠥᠰᠥ ᠰᠢᠷᠣᠢ ᠶᠢ ᠵᠠᠰᠠᠬᠤ᠂ ᠳᠤᠮᠳᠠ ᠬᠡᠰᠡᠭ ᠤᠨ ᠭᠠᠵᠠᠷ ᠣᠷᠣᠨ ᠳᠤ ᠬᠦᠷᠢᠶᠡᠯᠡᠩ ᠲᠣᠭᠤᠷᠢᠭ ᠢ ᠠᠳᠬᠤᠬᠤ᠂ ᠪᠦᠬᠦ ᠣᠷᠣᠨ ᠪᠦᠰᠡ ᠪᠠᠷ ᠢᠶᠠᠨ ᠵᠢᠭᠤᠯᠴᠢᠯᠠᠯ ᠡᠷᠬᠢᠯᠡᠬᠦ ᠪᠤᠳᠠᠲᠤ ᠦᠢᠯᠡᠳᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ  ᠪᠤᠯᠤᠨ ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠨ᠂ᠣᠷᠣᠨ ᠨᠤᠲᠤᠭ ᠤᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠥᠮ ᠢ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠰᠢᠨ᠎ᠡ ᠵᠠᠮ ᠢᠶᠠᠷ  ᠵᠠᠮᠨᠠᠨ᠂ ᠠᠷᠠᠳ ᠢ ᠪᠠᠶᠠᠵᠢᠭᠤᠯᠵᠤ ᠬᠤᠰᠢᠭᠤ ᠪᠠᠨ ᠬᠦᠴᠦᠷᠬᠡᠭᠵᠢᠭᠦᠯᠬᠦ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠡᠢ᠃        ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠬᠤᠰᠢᠭᠤᠨ  ‍ᠤ‌ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠲᠠᠯᠠᠪᠠᠢ ᠶᠢᠨ ᠨᠠᠮ ᠵᠰᠠᠭ ᠤᠨ ᠭᠤᠣᠯ ᠬᠠᠷᠢᠭᠤᠴᠠᠯᠭᠠᠲᠠᠳ ᠰᠢᠭᠤᠳ ᠬᠠᠷᠢᠶ᠎ᠠ ᠡᠯ᠎ᠡ ᠨᠢᠭᠡᠴᠡ ᠶᠢᠨ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠬᠤᠷᠠᠯ ᠳᠤ ᠣᠷᠣᠯᠴᠠᠭᠰᠠᠨ ᠪᠥᠭᠡᠳ ᠲᠤᠰᠬᠠᠢ ᠰᠡᠳᠦᠪᠲᠦ  ᠰᠡᠷᠡᠮᠵᠢᠯᠡᠭᠦᠯᠥᠯ ᠬᠥᠮᠦᠵᠢᠯ ᠤᠨ ᠹᠢᠯᠢᠮ ᠢ ᠦᠵᠡᠪᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号