ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠨᠢ ᠢᠯᠴᠢ ᠬᠠᠩᠭᠠᠬᠤ ᠠᠵᠤ ᠠᠬᠤᠶᠢᠯᠠᠯ ᠤᠨ ᠴᠠᠬᠢᠯᠭᠠᠨ ᠲᠥᠬᠦᠭᠡᠷᠦᠮᠵᠢ ᠶᠢᠨ ᠲᠣᠭᠲᠠᠭᠤᠨ‌ᠠᠵᠢᠯᠯᠠᠬᠤ ᠶᠢ  ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/12/6
         12 ᠰᠠᠷ᠎ᠠ ᠶᠢᠨ 5  ᠤ ᠡᠳᠦᠷ᠂ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠨᠠᠮ ᠤᠨ ᠬᠡᠰᠢᠭᠦᠳ ᠤᠨ ᠦᠢᠯᠡᠴᠢᠯᠡᠭᠡᠨ ᠤ ᠠᠩᠭᠢ ᠰᠢᠩ ᠶᠠᠩ ᠢᠯᠴᠢ ᠬᠠᠩᠭᠠᠬᠤ ᠺᠣᠮᠫᠠᠨᠢ ᠳᠤ ᠢᠷᠡᠵᠦ᠂  ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢᠨ ᠠᠮᠤᠷ ᠲᠦᠪᠰᠢᠨ  ᠢ ᠪᠠᠶᠢᠴᠠᠭᠠᠨ᠂ ᠢᠯᠴᠢ ᠬᠠᠩᠭᠠᠬᠤ ᠠᠵᠤ ᠠᠬᠤᠶᠢᠯᠠᠯ ᠤᠨ ᠴᠠᠬᠢᠯᠭᠠᠨ ᠲᠥᠬᠦᠭᠡᠷᠦᠮᠵᠢ ᠶᠢᠨ ᠲᠣᠭᠲᠠᠭᠤᠨ‌ᠠᠵᠢᠯᠯᠠᠬᠤ ᠶᠢ ᠪᠠᠲᠤᠯᠠᠭᠰᠠᠨ ᠪᠠᠶᠢᠨ᠎ᠠ᠃         ᠪᠠᠶᠢᠴᠠᠭᠠᠯᠲᠠ ᠳᠤ᠂ ᠭᠤᠣᠯᠳᠠᠭᠤ ᠢᠯᠴᠢ ᠬᠠᠩᠭᠠᠬᠤ ᠠᠵᠤ ᠠᠬᠤᠶᠢᠯᠠᠯ ᠤᠨ ᠴᠠᠬᠢᠯᠭᠠᠨ ᠲᠦᠭᠡᠭᠡᠬᠦ ᠲᠠᠰᠤᠭ᠂ ᠪᠡᠯᠡᠳᠬᠡᠯ ᠴᠠᠬᠢᠯᠭᠠᠨ ᠡᠭᠦᠰᠬᠡᠭᠴᠢ᠂ ᠳᠠᠷᠤᠯᠲᠠᠲᠤ ᠬᠥᠭᠡᠷᠭᠡ ᠵᠡᠷᠭᠡ ᠲᠥᠬᠦᠭᠡᠷᠦᠮᠵᠢ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠤ ᠬᠠᠮᠲᠤ ᠬᠠᠮᠢᠶ᠎ᠠ ᠪᠦᠬᠦᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠢᠯᠴᠢ ᠬᠠᠩᠭᠠᠬᠤ ᠠᠵᠤ ᠠᠬᠤᠶᠢᠯᠠᠯ ᠤᠨ ᠴᠠᠬᠢᠯᠭᠠᠨ ᠲᠥᠬᠦᠭᠡᠷᠦᠮᠵᠢ ᠶᠢᠨ ᠲᠤᠭᠲᠠᠭᠤᠨ ᠠᠵᠢᠯᠯᠠᠬᠤ ᠶᠢ ᠢ ᠦᠨᠡᠨ ᠬᠦ ᠪᠠᠲᠤᠯᠠᠪᠠ᠃ ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ   ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠵᠤ᠂  ᠴᠢᠬᠤᠯᠠ ᠲᠥᠬᠦᠭᠡᠷᠦᠮᠵᠢ ᠪᠣᠯᠣᠨ ᠭᠤᠣᠯᠳᠠᠯᠭ᠎ᠠ ᠲᠠᠢ ᠬᠡᠷᠡᠭᠯᠡᠭᠴᠢᠳ ᠲᠤ ᠲᠣᠭᠤᠷᠢᠨ ᠪᠠᠶᠢᠴᠠᠭᠠᠯᠲᠠ ᠬᠢᠵᠦ᠂ ᠴᠠᠬᠢᠯᠭᠠᠨ ᠬᠠᠩᠭᠠᠯᠭ᠎ᠠ ᠶᠢᠨ ᠠᠵᠢᠯ ᠢ  ᠰᠠᠶᠢᠲᠤᠷ ᠬᠢᠨ᠎ᠡ  ᠭᠡᠵᠡᠢ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号