ᠣᠩᠨᠢᠭᠤᠳ ᠬᠤᠰᠢᠭᠤᠨ ᠤ ᠨᠠᠢᠮᠠᠳᠤᠭᠠᠷ ᠤᠳᠠᠭᠠᠨ ᠤ ︽ᠦᠰᠬᠦᠪᠤᠶᠠᠨ︾ ᠨᠡᠷᠡᠮᠵᠢᠳᠥ ᠵᠤᠬᠢᠶᠠᠯ ᠪᠦᠲᠥᠭᠡᠯ ᠤᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠰᠢᠨᠡᠰᠦ᠋ᠮ᠎ᠡ ᠰᠣᠮᠣ ᠶᠢᠨ ᠭᠤᠣᠯ ᠪᠠᠭ᠎ᠠ ᠰᠤᠷᠭᠠᠭᠤᠯᠢ ᠳᠤ ᠶᠠᠪᠤᠭᠲᠠᠪᠠ
ᠨᠡᠶᠢᠲᠡᠯᠡᠭᠰᠡᠨ ᠴᠠᠭ᠄
2023/12/8
       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠵᠤ᠂ ᠳᠤᠮᠳᠠᠳᠤ ᠶᠢᠨ ᠦᠨᠳᠥᠰᠥᠳᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠵᠣᠷᠢᠯᠭ᠎ᠠ ᠠᠴᠠ ᠣᠩᠨᠢᠭᠤᠳ ᠮᠤᠩᠭᠤᠯᠴᠤᠳ ᠤᠨ ᠠᠷᠠᠳ ᠤᠨ ᠤᠷᠠᠨ ᠪᠦᠲᠥᠭᠡᠯᠴᠢᠳ ᠤᠨ ᠬᠤᠯᠪᠤᠭ᠎ᠠ ᠠᠴᠠ ᠡᠷᠬᠢᠯᠡᠨ ᠶᠠᠪᠤᠭᠳᠠᠭᠤᠯᠤᠭᠰᠠᠨ᠂ ᠬᠤᠰᠢᠭᠤᠨ ᠤ ᠨᠣᠮ ᠤᠨ ᠰᠠᠩ ᠪᠣᠯᠣᠨ ᠰᠢᠨᠡᠰᠦ᠋ᠮ᠎ᠡ ᠰᠣᠮᠣ ᠶᠢᠨ ᠭᠤᠣᠯ ᠪᠠᠭ᠎ᠠ ᠰᠤᠷᠭᠠᠭᠤᠯᠢ ᠳᠠᠭᠠᠭᠠᠴᠢᠯᠠ ᠡᠷᠬᠢᠯᠡᠭᠰᠡᠨ ︽ᠦᠰᠬᠦᠪᠤᠶᠠᠨ︾ ᠨᠡᠷᠡᠮᠵᠢᠳᠥ ᠲᠤᠮᠤᠴᠤᠤᠯ ᠤᠨ ᠰᠢᠯᠥᠭ ᠤᠨ ᠤᠷᠤᠯᠳᠤᠭᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠬᠢᠶᠠᠨ ᠪᠢᠴᠢᠯᠭᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ 2023 ᠣᠨ 12 ᠳ᠋ᠤᠭᠠᠷ ᠰᠠᠷ᠎ᠠ ᠶᠢᠨ 6᠎ ᠤ ᠡᠳᠥᠷ ᠰᠢᠨᠡᠰᠦ᠋ᠮ᠎ᠡ ᠰᠣᠮᠣ ᠶᠢᠨ ᠭᠤᠣᠯ ᠪᠠᠭ᠎ᠠ ᠰᠤᠷᠭᠠᠭᠤᠯᠢ ᠳᠤ ᠠᠮᠵᠢᠯᠲᠠ ᠲᠠᠢ ᠶᠠᠪᠤᠭᠳᠠᠭᠰᠠᠨ ᠪᠠᠶᠢᠨ᠎ᠠ᠃        ᠶᠤᠰᠤᠯᠠᠯ ᠳᠡᠭᠡᠷ᠎ᠡ᠂ ᠬᠢᠨᠠᠭᠴᠢᠳ ᠤᠨ ᠰᠢᠯᠭᠠᠷᠠᠭᠤᠯᠤᠯᠳᠠ ᠪᠠᠷ ᠲᠤᠳᠤᠷᠠᠭᠰᠠᠨ ᠤᠷᠠᠨ ᠪᠦᠲᠥᠭᠡᠯ ᠤᠨ ᠡᠵᠡᠳ ᠳᠡᠭᠡᠨ ᠱᠠᠩᠨᠠᠯ ᠭᠠᠷᠳᠠᠭᠤᠯᠵᠤ ᠬᠤᠵᠢᠮ ᠬᠤᠢᠰᠢᠳᠠ ᠪᠠᠨ ᠦᠷᠭᠦᠯᠵᠢᠯᠡᠨ ᠴᠢᠷᠮᠠᠶᠢᠵᠤ᠂ ᠦᠨᠳᠥᠰᠥᠳᠡᠨ ᠤ ᠪᠠᠨ ᠰᠢᠯᠢᠳᠡᠭ ᠰᠤᠶᠤᠯ ᠢ ᠤᠯᠠᠮᠵᠢᠯᠠᠨ ᠳᠡᠯᠭᠡᠷᠡᠭᠦᠯᠵᠥ᠂ ᠳᠣᠮᠳᠠᠳᠣ ᠶᠢᠨ ᠦᠨᠳᠥᠰᠥᠳᠡᠨ ᠤ ᠬᠠᠮᠲᠤ ᠶᠢᠨ ᠰᠤᠶᠤᠯ ᠤᠨ ᠪᠠᠳᠠᠷᠠᠨ ᠬᠦᠭᠵᠢᠬᠦ ᠳᠤ ᠬᠤᠪᠢ ᠨᠡᠮᠡᠷᠢ ᠦᠵᠡᠭᠦᠯᠬᠦ ᠶᠢ ᠵᠤᠷᠢᠭᠵᠢᠭᠤᠯᠤᠭᠰᠠᠨ ᠪᠠᠶᠢᠨ᠎ᠠ᠃ᠶᠤᠰᠤᠯᠠᠯ ᠤᠨ ᠬᠤᠷᠠᠯ ᠳᠡᠭᠡᠷ᠎ᠡ ᠰᠢᠨᠡᠰᠦ᠋ᠮ᠎ᠡ ᠰᠣᠮᠣ ᠶᠢᠨ ᠭᠤᠣᠯ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠠᠴᠠ ᠭᠤᠶᠢᠳᠠ ᠰᠠᠶᠢᠬᠠᠨ ᠠᠭᠤᠯᠭ᠎ᠠ ᠪᠦᠬᠦᠢ ᠤᠷᠠᠨ  ᠰᠠᠶᠢᠬᠠᠨ ᠤ ᠲᠣᠭᠯᠠᠯᠲᠠ ᠭᠠᠷᠭᠠᠵᠤ ᠬᠤᠷᠠᠯ ᠳᠤ ᠣᠷᠣᠯᠴᠠᠭᠰᠠᠨ ᠣᠯᠠᠨ ᠳᠤ ᠰᠤᠨᠢᠷᠬᠠᠭᠤᠯᠤᠭᠰᠠᠨ ᠪᠠᠶᠢᠨ᠎ᠠ᠃        ᠶᠣᠰᠣᠯᠠᠯ ᠳᠡᠭᠡᠷ᠎ᠡ ᠪᠠᠰᠠ ᠰᠢᠨᠡᠰᠦ᠋ᠮ᠎ᠡ ᠰᠣᠮᠣ ᠶᠢᠨ ᠭᠤᠣᠯ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠳᠠᠨ ᠠᠴᠠ ᠤᠷᠤᠯᠳᠤᠭᠠᠨ ᠡᠷᠬᠢᠯᠡᠬᠦ ᠡᠭᠡᠯᠵᠢ ᠶᠢᠨ ᠲᠤᠭ ᠢ ᠪᠣᠷᠣᠬᠤᠲᠠ ᠮᠣᠩᠭᠤᠯ ᠪᠠᠭ᠎ᠠ ᠰᠤᠷᠭᠠᠭᠤᠯᠢ ᠳᠤ ᠳᠠᠮᠵᠢᠭᠤᠯᠤᠨ ᠦᠭᠭᠦᠭᠰᠡᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号