| | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠵᠤ᠂ | ᠳᠤᠮᠳᠠᠳᠤ ᠶᠢᠨ ᠦᠨᠳᠥᠰᠥᠳᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠵᠣᠷᠢᠯᠭ᠎ᠠ ᠠᠴᠠ | ᠣᠩᠨᠢᠭᠤᠳ ᠮᠤᠩᠭᠤᠯᠴᠤᠳ ᠤᠨ ᠠᠷᠠᠳ ᠤᠨ ᠤᠷᠠᠨ ᠪᠦᠲᠥᠭᠡᠯᠴᠢᠳ ᠤᠨ ᠬᠤᠯᠪᠤᠭ᠎ᠠ ᠠᠴᠠ ᠡᠷᠬᠢᠯᠡᠨ | ᠶᠠᠪᠤᠭᠳᠠᠭᠤᠯᠤᠭᠰᠠᠨ᠂ ᠬᠤᠰᠢᠭᠤᠨ ᠤ ᠨᠣᠮ ᠤᠨ ᠰᠠᠩ ᠪᠣᠯᠣᠨ ᠰᠢᠨᠡᠰᠦ᠋ᠮ᠎ᠡ ᠰᠣᠮᠣ ᠶᠢᠨ ᠭᠤᠣᠯ ᠪᠠᠭ᠎ᠠ ᠰᠤᠷᠭᠠᠭᠤᠯᠢ | ᠳᠠᠭᠠᠭᠠᠴᠢᠯᠠ ᠡᠷᠬᠢᠯᠡᠭᠰᠡᠨ ︽ᠦᠰᠬᠦᠪᠤᠶᠠᠨ︾ ᠨᠡᠷᠡᠮᠵᠢᠳᠥ ᠲᠤᠮᠤᠴᠤᠤᠯ ᠤᠨ ᠰᠢᠯᠥᠭ ᠤᠨ ᠤᠷᠤᠯᠳᠤᠭᠠᠨ᠂ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠬᠢᠶᠠᠨ ᠪᠢᠴᠢᠯᠭᠡ ᠶᠢᠨ ᠤᠷᠤᠯᠳᠤᠭᠠᠨ ᠤ ᠱᠠᠩᠨᠠᠯ | ᠣᠯᠭᠤᠬᠤ ᠶᠣᠰᠣᠯᠠᠯ 2023 ᠣᠨ 12 ᠳ᠋ᠤᠭᠠᠷ ᠰᠠᠷ᠎ᠠ ᠶᠢᠨ 6 ᠤ ᠡᠳᠥᠷ ᠰᠢᠨᠡᠰᠦ᠋ᠮ᠎ᠡ ᠰᠣᠮᠣ ᠶᠢᠨ ᠭᠤᠣᠯ ᠪᠠᠭ᠎ᠠ | ᠰᠤᠷᠭᠠᠭᠤᠯᠢ ᠳᠤ ᠠᠮᠵᠢᠯᠲᠠ ᠲᠠᠢ ᠶᠠᠪᠤᠭᠳᠠᠭᠰᠠᠨ ᠪᠠᠶᠢᠨ᠎ᠠ᠃ | ᠶᠤᠰᠤᠯᠠᠯ ᠳᠡᠭᠡᠷ᠎ᠡ᠂ ᠬᠢᠨᠠᠭᠴᠢᠳ ᠤᠨ ᠰᠢᠯᠭᠠᠷᠠᠭᠤᠯᠤᠯᠳᠠ ᠪᠠᠷ ᠲᠤᠳᠤᠷᠠᠭᠰᠠᠨ ᠤᠷᠠᠨ ᠪᠦᠲᠥᠭᠡᠯ ᠤᠨ | ᠡᠵᠡᠳ ᠳᠡᠭᠡᠨ ᠱᠠᠩᠨᠠᠯ ᠭᠠᠷᠳᠠᠭᠤᠯᠵᠤ ᠬᠤᠵᠢᠮ ᠬᠤᠢᠰᠢᠳᠠ ᠪᠠᠨ ᠦᠷᠭᠦᠯᠵᠢᠯᠡᠨ ᠴᠢᠷᠮᠠᠶᠢᠵᠤ᠂ | ᠦᠨᠳᠥᠰᠥᠳᠡᠨ ᠤ ᠪᠠᠨ ᠰᠢᠯᠢᠳᠡᠭ ᠰᠤᠶᠤᠯ ᠢ ᠤᠯᠠᠮᠵᠢᠯᠠᠨ ᠳᠡᠯᠭᠡᠷᠡᠭᠦᠯᠵᠥ᠂ ᠳᠣᠮᠳᠠᠳᠣ ᠶᠢᠨ ᠦᠨᠳᠥᠰᠥᠳᠡᠨ ᠤ | ᠬᠠᠮᠲᠤ ᠶᠢᠨ ᠰᠤᠶᠤᠯ ᠤᠨ ᠪᠠᠳᠠᠷᠠᠨ ᠬᠦᠭᠵᠢᠬᠦ ᠳᠤ ᠬᠤᠪᠢ ᠨᠡᠮᠡᠷᠢ ᠦᠵᠡᠭᠦᠯᠬᠦ ᠶᠢ ᠵᠤᠷᠢᠭᠵᠢᠭᠤᠯᠤᠭᠰᠠᠨ ᠪᠠᠶᠢᠨ᠎ᠠ᠃ | ᠶᠤᠰᠤᠯᠠᠯ ᠤᠨ ᠬᠤᠷᠠᠯ ᠳᠡᠭᠡᠷ᠎ᠡ ᠰᠢᠨᠡᠰᠦ᠋ᠮ᠎ᠡ ᠰᠣᠮᠣ ᠶᠢᠨ ᠭᠤᠣᠯ ᠪᠠᠭ᠎ᠠ ᠰᠤᠷᠭᠠᠭᠤᠯᠢ ᠶᠢᠨ ᠪᠠᠭᠰᠢ | ᠰᠤᠷᠤᠭᠴᠢᠳ ᠠᠴᠠ ᠭᠤᠶᠢᠳᠠ ᠰᠠᠶᠢᠬᠠᠨ ᠠᠭᠤᠯᠭ᠎ᠠ ᠪᠦᠬᠦᠢ ᠤᠷᠠᠨ ᠰᠠᠶᠢᠬᠠᠨ ᠤ ᠲᠣᠭᠯᠠᠯᠲᠠ ᠭᠠᠷᠭᠠᠵᠤ | ᠬᠤᠷᠠᠯ ᠳᠤ ᠣᠷᠣᠯᠴᠠᠭᠰᠠᠨ ᠣᠯᠠᠨ ᠳᠤ ᠰᠤᠨᠢᠷᠬᠠᠭᠤᠯᠤᠭᠰᠠᠨ ᠪᠠᠶᠢᠨ᠎ᠠ᠃ | ᠶᠣᠰᠣᠯᠠᠯ ᠳᠡᠭᠡᠷ᠎ᠡ ᠪᠠᠰᠠ ᠰᠢᠨᠡᠰᠦ᠋ᠮ᠎ᠡ ᠰᠣᠮᠣ ᠶᠢᠨ ᠭᠤᠣᠯ ᠪᠠᠭ᠎ᠠ ᠰᠤᠷᠭᠠᠭᠤᠯᠢ ᠶᠢᠨ | ᠬᠠᠷᠢᠭᠤᠴᠠᠯᠭᠠᠳᠠᠨ ᠠᠴᠠ ᠤᠷᠤᠯᠳᠤᠭᠠᠨ ᠡᠷᠬᠢᠯᠡᠬᠦ ᠡᠭᠡᠯᠵᠢ ᠶᠢᠨ ᠲᠤᠭ ᠢ ᠪᠣᠷᠣᠬᠤᠲᠠ ᠮᠣᠩᠭᠤᠯ ᠪᠠᠭ᠎ᠠ | ᠰᠤᠷᠭᠠᠭᠤᠯᠢ ᠳᠤ ᠳᠠᠮᠵᠢᠭᠤᠯᠤᠨ ᠦᠭᠭᠦᠭᠰᠡᠨ ᠪᠠᠶᠢᠨ᠎ᠠ᠃ |