| ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 1 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 1 ᠰᠠᠷ᠎ᠠ ᠶᠢᠨ 31 ᠤ ᠦᠳᠡ ᠶᠢᠨ ᠬᠤᠶᠢᠨ᠎ᠠ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠬᠤ ᠲᠤᠬᠠᠢ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠭᠠᠷᠭᠠᠭᠰᠠᠨ ᠪᠠᠶᠢᠯᠳᠤᠬᠤ | ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠳᠤ ᠰᠠᠭᠤᠷᠢᠯᠠᠵᠤ᠂ ᠢᠷᠡᠭᠡᠳᠦᠢ ᠶᠢᠨ ᠬᠥᠭᠵᠢᠯᠲᠡ ᠶᠢᠨ ᠰᠠᠨᠠᠭᠠᠴᠢᠯᠠᠭᠠᠲᠤ | ᠡᠷᠬᠡ ᠶᠢ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃ ᠵᠦᠪᠭᠡᠨ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠪᠠᠯ ᠰᠠᠶ᠋ᠢ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ | ᠪᠠᠬᠢᠵᠢᠭᠦᠯᠵᠦ᠂ ᠬᠥᠭᠵᠢᠯᠲᠡ ᠶᠢᠨ ᠠᠮᠤᠷ ᠲᠦᠪᠰᠢᠨ ᠤ ᠴᠢᠨᠠᠷ ᠲᠣᠭᠲᠠᠭᠤᠨ ᠴᠢᠨᠠᠷ ᠢ ᠴᠢᠩᠭᠠᠳᠬᠠᠵᠤ᠂ ᠰᠠᠶ᠋ᠢ ᠡᠯ᠎ᠡ | ᠵᠦᠢᠯ ᠤᠨ ᠤᠷᠢᠳᠴᠢᠯᠠᠨ ᠮᠡᠳᠡᠵᠤ ᠪᠤᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠲᠤᠬᠰᠢᠨ ᠰᠠᠯᠬᠢ ᠰᠢᠷᠦᠭᠦᠨ ᠪᠣᠷᠣᠭᠠᠨ᠂ | ᠲᠤᠬᠰᠢᠨ ᠳᠠᠪᠠᠯᠭᠠᠨ ᠰᠢᠷᠦᠭᠦᠨ ᠤᠷᠤᠰᠬᠠᠯ ᠤᠨ ᠳᠤᠮᠳᠠ ᠮᠠᠨ ᠤ ᠤᠯᠤᠰ ᠤᠨ ᠣᠷᠣᠰᠢᠨ ᠲᠣᠭᠲᠠᠨᠢᠬᠤ ᠬᠦᠴᠦᠨ᠂ | ᠥᠷᠢᠰᠦᠯᠳᠦᠬᠦ ᠬᠦᠴᠦᠨ᠂ ᠬᠥᠭᠵᠢᠯᠲᠡ ᠶᠢᠨ ᠬᠦᠴᠦᠨ᠂ ᠦᠷᠭᠦᠯᠵᠢᠯᠡᠬᠦ ᠬᠦᠴᠦᠨ ᠢ ᠴᠢᠩᠭᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠬᠢᠴᠠ ᠶᠢ ᠤᠳᠠᠭᠠᠰᠢᠷᠠᠭᠤᠯᠬᠤ ᠦᠭᠡᠢ ᠴᠢᠨᠠᠭᠰᠢᠯᠠᠪᠠᠯ | ᠲᠠᠰᠤᠯᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢ ᠢᠯᠠᠯᠲᠠ ᠲᠠᠢ ᠪᠠᠷ ᠪᠡᠶᠡᠯᠡᠭᠦᠯᠵᠦ ᠴᠢᠳᠠᠨ᠎ᠠ ᠭᠡᠵᠦ ᠴᠢᠬᠤᠯᠠᠴᠢᠯᠠᠪᠠ᠃ | ᠡᠨᠡ ᠤᠳᠠᠭ᠎ᠠ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ | ᠳᠡᠭᠡᠷ᠎ᠡ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠥᠪᠡᠷ ᠢᠶᠠᠨ ᠰᠤᠷᠤᠯᠴᠠᠬᠤ ᠶᠢᠨ | ᠬᠠᠮᠲᠤ ᠠᠵᠢᠯ ᠤᠨ ᠣᠶᠢᠯᠠᠭᠠᠯᠲᠠ ᠪᠠᠨ ᠰᠣᠯᠢᠯᠴᠠᠵᠤ᠂ ᠶᠢᠨ ᠯᠢ᠂ ᠯᠢᠦ ᠭᠦᠸᠧ ᠵᠦᠩ᠂ ᠾᠧ ᠯᠢ ᠹᠧᠩ᠂ ᠵᠠᠩ ᠭᠦᠸᠧ | ᠴᠢᠩ᠂ ᠴᠧᠨ ᠵᠢᠢ ᠨᠢᠩ᠂ ᠬᠤᠸᠠᠩ ᠺᠦᠨ ᠮᠢᠩ ᠨᠥᠬᠦᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠪᠣᠯᠣᠨ | ᠣᠷᠣᠨ ᠨᠤᠲᠤᠭ ᠤᠨ ᠠᠵᠢᠯ ᠲᠠᠢ ᠪᠠᠨ ᠤᠶᠠᠯᠳᠤᠭᠤᠯᠤᠨ ᠦᠭᠡ ᠬᠡᠯᠡᠵᠦ᠂ ᠤᠯᠠᠨ ᠢᠶᠠᠷ ᠢᠶᠠᠨ ᠰᠠᠨᠠᠯ ᠢᠶᠠᠨ ᠰᠣᠯᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠣᠶᠢᠷ᠎ᠠ ᠶᠢᠨ ᠵᠢᠯ ᠠᠴᠠ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠬᠢᠵᠤ᠂ ᠨᠢᠭᠡ ᠪᠦᠯᠦᠭ ᠦᠷ᠎ᠡ ᠠᠰᠢᠭ | ᠣᠯᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠲᠠᠰᠤᠷᠠᠯᠳᠠ ᠦᠭᠡᠢ ᠨᠢᠭᠲᠠᠷᠠᠵᠤ᠂ ᠠᠵᠢᠯ ᠤᠨ ᠰᠠᠭᠤᠷᠢ ᠲᠠᠰᠤᠷᠠᠯᠳᠠ | ᠦᠭᠡᠢ ᠪᠠᠬᠢᠵᠢᠵᠦ᠂ ᠲᠦᠷᠦ ᠶᠢᠨ ᠪᠣᠳᠣᠯᠭ᠎ᠠ ᠳᠦᠷᠢᠮ ᠲᠠᠰᠤᠷᠠᠯᠳᠠ ᠦᠭᠡᠢ ᠲᠡᠭᠦᠯᠳᠡᠷᠵᠢᠪᠡ᠂ ᠭᠡᠪᠡᠴᠦ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠬᠤ ᠶᠢ ᠬᠦᠯᠢᠶᠡᠰᠦᠯᠡᠵᠦ ᠪᠠᠶᠢᠭ᠎ᠠ ᠭᠤᠣᠯ ᠵᠥᠷᠢᠴᠡᠯ ᠪᠣᠯᠣᠨ ᠠᠰᠠᠭᠤᠳᠠᠯ ᠢ ᠬᠦᠴᠦᠯᠡᠨ | ᠠᠷᠢᠯᠭᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠦᠢᠯᠡᠳᠦᠯᠭᠡ ᠶᠢᠨ ᠰᠢᠨ᠎ᠡ ᠶᠢ ᠡᠭᠦᠳᠭᠦ᠂ | ᠳᠦᠷᠢᠮ ᠤᠨ ᠰᠢᠨ᠎ᠡ ᠶᠢ ᠡᠭᠦᠳᠭᠦ ᠶᠢ ᠠᠬᠢᠭᠤᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ | ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠬᠢᠵᠦ᠂ ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ | ᠬᠠᠩᠭᠠᠯᠭ᠎ᠠ ᠪᠠᠷ ᠬᠡᠷᠡᠭᠴᠡᠭᠡ ᠶᠢ ᠡᠭᠦᠳᠭᠦ ᠨᠡᠩ ᠥᠨᠳᠥᠷ ᠲᠦᠪᠰᠢᠨ ᠪᠦᠬᠦᠢ ᠬᠥᠳᠡᠯᠦᠩᠭᠦᠢ ᠲᠡᠩᠴᠡᠭᠦᠷᠢ ᠶᠢ | ᠪᠦᠷᠢᠯᠳᠦᠭᠦᠯᠵᠦ᠂ ᠤᠯᠤᠰ ᠠᠷᠠᠳ ᠤᠨ ᠠᠵᠤ ᠠᠬᠤᠢ ᠶᠢᠨ ᠰᠠᠶᠢᠨ ᠰᠠᠶᠢᠬᠠᠨ ᠣᠷᠴᠢᠯ ᠢ ᠪᠡᠶᠡᠯᠡᠭᠦᠯᠬᠦ ᠬᠡᠷᠡᠭᠲᠡᠢ᠃ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠷᠢᠨ ᠪᠦᠲᠦᠨ ᠳᠣᠲᠣᠭᠠᠳᠤ ᠬᠡᠷᠡᠭᠴᠡᠭᠡ ᠶᠢᠨ ᠰᠢᠰᠲ᠋ᠧᠮ ᠢ ᠲᠦᠷᠭᠡᠬᠡᠨ | ᠪᠦᠷᠢᠯᠳᠦᠭᠦᠯᠵᠦ᠂ ᠣᠷᠣᠯᠭ᠎ᠠ ᠪᠠᠷ ᠲᠤᠯᠭᠠᠭᠤᠷᠢᠯᠠᠭᠰᠠᠨ ᠬᠡᠷᠡᠭᠯᠡᠭᠡ ᠶᠢᠨ ᠬᠡᠷᠡᠭᠴᠡᠭᠡ᠂ ᠵᠦᠢ ᠵᠣᠬᠢᠰᠲᠠᠢ ᠦᠷ᠎ᠡ ᠠᠰᠢᠭ ᠤᠨ | ᠬᠠᠷᠢᠭᠤ ᠪᠦᠬᠦᠢ ᠪᠡᠯᠡ ᠣᠷᠣᠭᠤᠯᠤᠯᠲᠠ ᠶᠢᠨ ᠬᠡᠷᠡᠭᠴᠡᠭᠡ᠂ ᠡᠬᠡ ᠮᠥᠩᠭᠦ ᠪᠠ ᠥᠷᠢ ᠥᠭᠴᠡᠭᠡ ᠪᠠᠷ ᠬᠢᠵᠠᠭᠠᠷᠯᠠᠭᠰᠠᠨ | ᠮᠥᠩᠭᠦᠨ ᠭᠦᠢᠯᠭᠡᠭᠡᠨ ᠤ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ᠰᠠᠭᠤᠭᠠᠯᠢ ᠠᠷᠠᠳ ᠤᠨ ᠬᠡᠷᠡᠭᠯᠡᠭᠡ ᠶᠢ | ᠥᠷᠭᠡᠳᠬᠡᠬᠦ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠭᠤᠭᠠᠯᠢ | ᠠᠷᠠᠳ ᠢ ᠲᠣᠭᠲᠠᠭᠰᠠᠨ ᠤᠷᠤᠯᠭ᠎ᠠ ᠲᠠᠢ ᠬᠡᠷᠡᠭᠯᠡᠭᠡ ᠬᠢᠵᠦ ᠲᠡᠶᠢᠯᠭᠦ᠂ ᠰᠠᠨᠠᠭ᠎ᠠ ᠵᠣᠪᠠᠭ᠋ᠤ ᠦᠭᠡᠢ ᠪᠠᠷ ᠵᠣᠷᠢᠭᠲᠠᠢ ᠪᠠᠷ | ᠬᠡᠷᠡᠭᠯᠡᠭᠡ ᠬᠢᠬᠦ᠂ ᠬᠡᠷᠡᠭᠯᠡᠭᠡ ᠶᠢᠨ ᠣᠷᠴᠢᠨ ᠨᠥᠬᠦᠴᠡᠯ ᠰᠢᠯᠢᠳᠡᠭ ᠬᠦᠷᠲᠡᠮᠵᠢ ᠶᠢᠨ ᠲᠥᠷᠥᠭᠳᠡᠯ ᠴᠢᠩᠭ᠎ᠠ ᠬᠡᠷᠡᠭᠯᠡᠭᠡ ᠬᠢᠬᠦ | ᠬᠦᠰᠡᠯ ᠲᠠᠢ ᠪᠤᠯᠭᠠᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ ᠥᠷᠭᠡᠳᠬᠡᠵᠦ᠂ | ᠪᠦᠲᠦᠮᠵᠢᠲᠡᠢ ᠪᠡᠯᠡ ᠣᠷᠣᠭᠤᠯᠤᠯᠲᠠ ᠶᠢᠨ ᠣᠷᠣᠨ ᠵᠠᠢ ᠶᠢ ᠥᠷᠭᠡᠳᠬᠡᠨ᠂ ᠰᠢᠨ᠎ᠡ ᠭᠡᠯᠪᠡᠷᠢ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠪᠠᠶᠢᠷᠢᠯᠠᠭᠤᠯᠵᠤ᠂ ᠳᠡᠭᠡᠳᠦ ᠮᠡᠷᠭᠡᠵᠢᠯ ᠤᠨ | ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠡᠯᠡ | ᠣᠷᠣᠭᠤᠯᠤᠯᠲᠠ ᠶᠢ ᠥᠷᠭᠡᠳᠬᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ ᠬᠦᠴᠦᠨ ᠢ ᠦᠷᠭᠦᠯᠵᠢᠯᠡᠨ | ᠬᠥᠭᠵᠢᠭᠡᠬᠦ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ᠂ ᠳᠦᠷᠢᠮ ᠤᠨ ᠰᠢᠨ᠎ᠡ ᠶᠢ | ᠡᠭᠦᠳᠭᠦ ᠶᠢ ᠦᠷᠭᠦᠯᠵᠢᠯᠡᠨ ᠠᠬᠢᠭᠤᠯᠵᠤ᠂ ᠬᠠᠩᠭᠠᠯᠭ᠎ᠠ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠴᠡᠭ᠂ ᠬᠤᠷᠢᠭ᠎ᠠ ᠴᠡᠭ᠂ | ᠪᠠᠭᠤᠷᠠᠢ ᠲᠠᠯ᠎ᠠ ᠶᠢ ᠰᠢᠪᠲᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠥᠷᠢᠰᠦᠯᠳᠦᠬᠦ ᠬᠦᠴᠦᠨ | ᠪᠠ ᠠᠮᠤᠷ ᠲᠦᠪᠰᠢᠨ ᠴᠢᠨᠠᠷ ᠢ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ᠂ ᠴᠢᠨᠠᠷ ᠰᠠᠶᠢᠲᠠᠢ | ᠬᠠᠩᠭᠠᠯᠭ᠎ᠠ ᠪᠠᠷ ᠣᠲᠣ ᠶᠢᠨ ᠬᠡᠷᠡᠭᠴᠡᠭᠡ ᠶᠢ ᠬᠠᠩᠭᠠᠵᠤ᠂ ᠰᠢᠨ᠎ᠡ ᠬᠡᠷᠡᠭᠴᠡᠭᠡ ᠶᠢ ᠡᠭᠦᠳᠴᠦ ᠬᠥᠲᠥᠯᠥᠨ ᠳᠠᠭᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠥᠪᠡᠷ ᠢ ᠪᠠᠨ ᠬᠦᠴᠦᠷᠬᠡᠭᠵᠢᠭᠦᠯᠬᠦ ᠠᠯᠬᠤᠭ᠎ᠠ ᠪᠠᠨ ᠲᠦᠷᠭᠡᠳᠬᠡᠵᠦ᠂ ᠭᠠᠳᠠᠭᠠᠳᠤ ᠤᠯᠤᠰ ᠤᠨ ︽ᠪᠣᠭᠤᠮᠢ︾ ᠪᠣᠯᠵᠤ | ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠯ ᠢ | ᠪᠦᠷᠢᠨᠰᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠢ | ᠴᠢᠩᠭᠠᠳᠬᠠᠨ᠂ ᠰᠢᠨ᠎ᠡ ᠶᠢ ᠡᠭᠦᠳᠭᠦ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠮᠠᠨ ᠤ ᠤᠯᠤᠰ ᠢᠶᠠᠨ ᠴᠢᠬᠤᠯᠠ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠷᠢᠶᠡᠨ ᠳᠤ ᠪᠦᠭᠦ ᠪᠥᠮᠪᠥᠷᠴᠡᠭ ᠤᠨ ᠳᠠᠭᠠᠭᠤᠯᠤᠭᠴᠢ ᠪᠤᠯᠭᠠᠵᠤ᠂ | ᠬᠤᠰᠢᠭᠤᠷᠠᠯ ᠰᠣᠯᠪᠢᠴᠠᠭᠰᠠᠨ ᠬᠦᠷᠢᠶᠡᠨ ᠳᠠᠬᠢ ᠵᠠᠮ ᠨᠡᠭᠡᠭᠡᠭᠴᠢ ᠪᠤᠯᠭᠠᠵᠤ᠂ ᠡᠷᠲᠡᠬᠡᠨ ᠳᠡᠯᠡᠬᠡᠢ ᠶᠢᠨ ᠭᠤᠣᠯ ᠪᠤᠯᠬᠤ | ᠰᠢᠨᠵᠢᠯᠡᠬᠦ ᠤᠬᠠᠭᠠᠨ ᠤ ᠲᠥᠪ ᠪᠠ ᠰᠢᠨ᠎ᠡ ᠶᠢ ᠡᠭᠦᠳᠭᠦ ᠥᠨᠳᠦᠷᠯᠢᠭ ᠪᠤᠯᠭᠠᠬᠤ ᠪᠠᠷ ᠴᠢᠷᠮᠠᠶᠢᠬᠤ ᠬᠡᠷᠡᠭᠲᠡᠢ᠃ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ | ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ | ᠪᠤᠯᠭᠠᠬᠤ ᠪᠠᠶᠢᠯᠳᠤᠬᠤ ᠪᠣᠳᠣᠯᠭ᠎ᠠ ᠶᠢᠨ ᠪᠦᠲᠦᠮᠵᠢᠲᠡᠢ ᠬᠤᠯᠪᠣᠯᠳᠤᠯ ᠢ ᠪᠡᠶᠡᠯᠡᠭᠦᠯᠵᠦ᠂ ᠰᠤᠷᠭᠠᠨ ᠬᠥᠮᠦᠵᠢᠯ ᠢ ᠬᠥᠭᠵᠢᠭᠦᠯᠬᠦ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ᠂ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ | ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠣᠷᠴᠢᠯ ᠢ ᠪᠦᠷᠢᠯᠳᠦᠭᠦᠯᠬᠦ ᠭᠡᠷᠡᠭᠲᠠᠢ︔ ᠤᠤᠭᠠᠯ | ᠰᠢᠨ᠎ᠡ ᠶᠢ ᠡᠭᠦᠳᠭᠦ᠂ ᠬᠤᠷᠠᠮᠠᠯ ᠰᠢᠨ᠎ᠡ ᠶᠢ ᠡᠭᠦᠳᠭᠦ᠂ ᠨᠡᠭᠡᠭᠡᠯᠲᠡ ᠬᠢᠵᠦ ᠰᠢᠨ᠎ᠡ ᠶᠢ ᠡᠭᠦᠳᠭᠦ ᠶᠢ ᠨᠢᠭᠡ ᠴᠣᠭᠴᠠᠵᠢᠭᠤᠯᠤᠨ | ᠵᠢᠷᠤᠭᠯᠠᠨ ᠲᠥᠯᠥᠪᠯᠡᠬᠦ ᠶᠢ ᠪᠠᠷᠢᠮᠲᠠᠯᠠᠵᠤ᠂ ᠪᠦᠲᠦᠮᠵᠢᠲᠡᠶ ᠨᠡᠪᠲᠡᠷᠡᠯᠴᠡᠭᠦᠯᠬᠦ ᠶᠢ ᠪᠡᠶᠡᠯᠡᠭᠦᠯᠬᠦ ᠭᠡᠷᠡᠭᠲᠠᠢ︔ ᠰᠢᠨ᠎ᠡ ᠶᠢ | ᠡᠭᠦᠳᠭᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢ ᠨᠢᠭᠡ ᠴᠣᠭᠴᠠᠵᠢᠭᠤᠯᠤᠨ | ᠪᠠᠶᠢᠷᠢᠯᠠᠭᠤᠯᠬᠤ ᠶᠢ ᠪᠠᠷᠢᠮᠲᠠᠯᠠᠵᠤ᠂ ᠭᠦᠨᠵᠡᠭᠡᠢ ᠠᠭᠤᠰᠤᠯᠴᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠬᠥᠭᠵᠢᠯᠲᠡ ᠶᠢᠨ ᠪᠠᠶᠢᠷᠢᠰᠢᠯ ᠨᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢᠶᠠᠷ ᠰᠠᠭᠤᠷᠢ | ᠪᠤᠯᠭᠠᠵᠤ᠂ ᠠᠵᠤ ᠠᠬᠤᠢ ᠶᠢᠨ ᠣᠷᠴᠢᠯ ᠢ ᠰᠢᠯᠤᠭᠤᠳᠬᠠᠬᠤ ᠳᠤ ᠡᠯ᠎ᠡ ᠠᠵᠤ ᠦᠢᠯᠡᠰ ᠤᠨ ᠡᠮᠬᠢ ᠵᠢᠷᠤᠮ ᠲᠠᠢ ᠪᠠᠷ | ᠴᠥᠷᠬᠡᠯᠡᠬᠦ᠂ ᠥᠨᠳᠥᠷ ᠪᠦᠲᠦᠮᠵᠢᠲᠡᠶ ᠰᠠᠭᠠᠳ ᠦᠭᠡᠢ ᠨᠡᠪᠲᠡᠷᠡᠬᠦ ᠶᠢ ᠱᠠᠭᠠᠷᠳᠠᠨ᠎ᠠ᠃ ᠠᠵᠤ ᠠᠬᠤᠢ ᠶᠢ ᠬᠥᠭᠵᠢᠭᠦᠯᠬᠦ | ᠬᠦᠴᠦᠯᠡᠬᠦ ᠴᠡᠭ ᠢ ᠦᠷᠭᠦᠯᠵᠢᠯᠡᠨ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠵᠤ᠂ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠦᠢᠯᠡᠳᠭᠦ ᠦᠢᠯᠡᠰ ᠤᠨ ᠬᠦᠴᠦᠷᠬᠡᠭ ᠤᠯᠤᠰ᠂ ᠶᠠᠰᠤ | ᠴᠢᠨᠠᠷ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠵᠤ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ ᠠᠵᠤ | ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠶᠡᠭᠡ ᠬᠠᠨᠳᠤᠰᠢ ᠶᠢ ᠳᠠᠭᠠᠵᠤ᠂ | ᠳᠤᠲᠠᠭᠤᠳᠠᠯ ᠲᠠᠢ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ᠂ ᠳᠠᠪᠠᠭᠤᠯᠢᠭᠲᠤ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠳᠡᠭᠡᠭᠰᠢᠯᠡᠭᠦᠯᠭᠦ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠦᠷᠭᠦᠯᠵᠢᠯᠡᠬᠦ ᠴᠢᠨᠠᠷ ᠪᠠ | ᠥᠷᠢᠰᠦᠯᠳᠦᠬᠦ ᠬᠦᠴᠦᠨ ᠢ ᠴᠢᠩᠭᠠᠳᠬᠠᠬᠤ ᠬᠡᠷᠡᠭᠲᠡᠢ᠃ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠤᠯᠤᠰ ᠤᠨ ᠳᠣᠲᠣᠭᠠᠳᠤ ᠭᠠᠳᠠᠭᠠᠳᠤ ᠳᠤ ᠡᠮᠬᠢ | ᠵᠢᠷᠤᠮ ᠲᠠᠢ ᠪᠠᠷ ᠰᠢᠯᠵᠢᠭᠦ ᠶᠢ ᠠᠬᠢᠭᠤᠯᠵᠤ᠂ ᠠᠵᠤ ᠠᠬᠤᠶᠢᠯᠠᠯ ᠤᠨ ᠪᠦᠭᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ | ᠬᠤᠪᠢᠶᠠᠷᠢᠯᠠᠯ ᠪᠠ ᠬᠠᠮᠲᠤᠷᠠᠯᠴᠠᠭ᠎ᠠ ᠳᠤ ᠭᠦᠨᠵᠡᠭᠡᠢ ᠣᠷᠤᠯᠴᠠᠬᠤ ᠶᠢ ᠳᠡᠮᠵᠢᠵᠦ᠂ ᠳᠣᠲᠣᠭᠠᠳᠤ ᠭᠠᠳᠠᠭᠠᠳᠤ ᠶᠢᠨ ᠠᠵᠤ | ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠡᠶ᠎ᠡ ᠪᠠᠨ ᠳᠠᠭᠠᠭᠠᠵᠤ ᠡᠵᠡᠮᠳᠡᠵᠦ ᠳᠡᠶᠢᠯᠭᠦ᠂ ᠠᠮᠤᠷ ᠲᠦᠪᠰᠢᠨ | ᠨᠠᠶᠢᠳᠠᠪᠤᠷᠢᠲᠠᠢ᠂ ᠥᠷᠢᠰᠦᠯᠳᠦᠬᠦ ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠬᠤᠳᠠ ᠬᠥᠳᠡᠭᠡ᠂ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠪᠦᠷᠬᠦᠴᠡ ᠶᠢ | ᠳᠡᠭᠡᠭᠰᠢᠯᠡᠭᠦᠯᠭᠦ ᠬᠡᠷᠡᠭᠲᠡᠢ᠃ ᠬᠥᠳᠡᠭᠡ ᠲᠣᠰᠬᠤᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠪᠠ ᠴᠢᠬᠤᠯᠠ ᠡᠯᠧᠮᠧᠨ᠋ᠲ ᠤᠨ ᠵᠠᠬ᠎ᠠ | ᠳᠡᠯᠭᠡᠭᠦᠷ ᠪᠤᠯᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠠᠭᠤᠰᠤᠯᠴᠠᠨ ᠭᠦᠭᠵᠢᠭᠦ ᠶᠢ | ᠠᠬᠢᠭᠤᠯᠵᠤ᠂ ᠬᠤᠲᠠ ᠬᠥᠳᠡᠭᠡ ᠶᠢᠨ ᠠᠵᠤ ᠠᠬᠤᠢ ᠶᠢᠨ ᠬᠠᠷᠢᠯᠴᠠᠭ᠎ᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠠᠵᠤ | ᠠᠬᠤᠢ ᠶᠢᠨ ᠡᠷᠭᠢᠯᠲᠡ ᠶᠢ ᠰᠢᠯᠤᠭᠤᠳᠬᠠᠬᠤ ᠬᠡᠷᠡᠭᠲᠡᠢ᠃ ᠡᠯ᠎ᠡ ᠭᠠᠵᠠᠷ ᠤᠨ ᠬᠢᠨ ᠵᠢᠵᠢᠭ ᠣᠷᠴᠢᠯ ᠢ ᠬᠡᠷᠡᠭᠵᠢᠭᠦᠯᠬᠦ ᠶᠢ | ᠰᠡᠷᠭᠡᠶᠢᠯᠡᠵᠦ᠂ ᠣᠷᠣᠨ ᠪᠦᠰᠡ ᠶᠢᠨ ᠪᠠᠬᠢᠯᠡᠯᠲᠡ ᠶᠢ ᠠᠷᠢᠯᠭᠠᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠢ ᠦᠨᠡᠨ ᠬᠦ ᠪᠦᠷᠢᠯᠳᠦᠭᠦᠯᠬᠦ ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ | ᠪᠠᠶᠢᠯᠳᠤᠬᠤ ᠪᠣᠳᠣᠯᠭ᠎ᠠ ᠵᠡᠷᠭᠡ ᠶᠢᠨ ᠭᠦᠨᠵᠡᠭᠡᠢ ᠠᠭᠤᠰᠤᠯᠳᠤᠯ ᠢ ᠠᠬᠢᠭᠤᠯᠵᠤ᠂ ᠴᠢᠬᠤᠯᠠ ᠶᠡᠭᠡ ᠦᠢᠯᠡᠳᠪᠦᠷᠢᠯᠡᠯ ᠤᠨ | ᠬᠦᠴᠦᠨ ᠤ ᠪᠠᠶᠢᠷᠢᠰᠢᠯ ᠢ ᠰᠢᠯᠢᠳᠡᠭᠵᠢᠭᠦᠯᠦᠨ᠂ ᠡᠯ᠎ᠡ ᠲᠦᠷᠦᠯ ᠤᠨ ᠡᠯᠧᠮᠧᠨ᠋ᠲ ᠤᠨ ᠵᠦᠢ ᠵᠣᠬᠢᠰᠲᠠᠢ ᠪᠠᠷ ᠰᠢᠯᠵᠢᠭᠦ ᠪᠠ | ᠥᠨᠳᠥᠷ ᠪᠦᠲᠦᠮᠵᠢᠲᠡᠢ ᠪᠠᠷ ᠴᠤᠭᠯᠠᠷᠠᠬᠤ ᠶᠢ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠰᠢᠯᠤᠭᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ | ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠣᠷᠴᠢᠯ ᠤᠨ ᠬᠥᠳᠡᠯᠭᠡᠬᠦ ᠬᠦᠴᠦᠨ ᠪᠣᠯᠣᠨ | ᠠᠮᠢᠵᠢᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠥᠮᠴᠢᠯᠡᠬᠦ ᠡᠷᠬᠡ ᠶᠢ ᠬᠠᠮᠠᠭᠠᠯᠠᠬᠤ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ | ᠳᠡᠯᠭᠡᠭᠦᠷ ᠤᠨ ᠠᠵᠤ ᠠᠬᠤᠢ ᠶᠢᠨ ᠰᠠᠭᠤᠷᠢ ᠪᠤᠯᠬᠤ ᠳᠦᠷᠢᠮ ᠢ ᠲᠡᠭᠦᠯᠳᠡᠷᠵᠢᠭᠦᠯᠵᠦ᠂ ᠭᠠᠭᠴᠠᠭᠠᠷ ᠡᠵᠡᠮᠰᠢᠯ ᠢ ᠡᠰᠡᠷᠭᠦᠴᠡᠬᠦ | ᠪᠠ ᠵᠦᠢ ᠵᠣᠬᠢᠰ ᠦᠭᠡᠢ ᠥᠷᠢᠰᠦᠯᠳᠦᠭᠡᠨ ᠢ ᠡᠰᠡᠷᠭᠦᠴᠡᠬᠦ ᠶᠢ ᠴᠢᠩᠭᠠᠳᠬᠠᠵᠤ᠂ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ | ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ | ᠴᠣᠭᠴᠠ ᠶᠢᠨ ᠪᠡᠯᠡ ᠣᠷᠣᠭᠤᠯᠵᠤ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ ᠥᠭᠴᠦ | ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠬᠦ ᠬᠡᠷᠡᠭᠲᠡᠢ᠃ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠵᠠᠷᠴᠢᠮ᠂ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠵᠤ᠂ ᠳᠡᠯᠡᠬᠡᠢ ᠶᠢᠨ ᠶᠡᠭᠡ ᠣᠷᠴᠢᠯ ᠳᠠᠬᠢ ᠦᠭᠡ ᠭᠡᠯᠡᠭᠦ | ᠡᠷᠬᠡ ᠪᠠᠨ ᠴᠢᠩᠭᠠᠳᠬᠠᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠵᠠᠷᠴᠢᠮ ᠤᠨ ᠬᠡᠯᠡᠯᠴᠡᠭᠡᠷ ᠲᠤ | ᠢᠳᠡᠪᠬᠢᠲᠡᠢ ᠣᠷᠣᠯᠴᠠᠵᠤ᠂ ᠨᠡᠭᠡᠭᠡᠯᠲᠡᠲᠤ᠂ ᠣᠯᠠᠨ ᠡᠰᠢᠵᠢᠭᠰᠡᠨ᠂ ᠲᠣᠭᠲᠠᠭᠤᠨ ᠳᠡᠯᠡᠬᠡᠢ ᠶᠢᠨ ᠠᠵᠤ ᠠᠬᠤᠢ ᠶᠢᠨ ᠡᠮᠬᠢ | ᠳᠢᠭᠯᠢᠮ ᠢ ᠪᠦᠷᠢᠯᠳᠦᠭᠦᠯᠬᠦ ᠶᠢ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ | ᠵᠦᠢᠯ ᠤᠨ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠵᠦ ᠡᠷᠭᠢᠯᠳᠦᠬᠦ ᠶᠢ ᠪᠡᠶᠡᠯᠡᠭᠦᠯᠬᠦ ᠳᠤ ᠨᠥᠬᠦᠴᠡᠯ ᠪᠦᠷᠢᠯᠳᠦᠭᠦᠯᠬᠦ | ᠦᠭᠭᠦ ᠬᠡᠷᠡᠭᠲᠡᠢ ᠭᠡᠵᠦ ᠴᠢᠬᠤᠯᠠᠴᠢᠯᠠᠪᠠ᠃ | |