2022 ᠤᠨ ᠳᠤ ᠤᠩᠨᠢᠭᠤᠳ ᠬᠤᠰᠢᠭᠤ ᠠᠵᠢᠯᠯᠠᠭ᠎ᠠ ᠶᠢᠨ ᠠᠴᠢᠶᠠᠯᠠᠪᠤᠷᠢ ᠶᠢᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ ᠪᠥᠬᠦ ᠠᠷᠠᠳ ᠤᠨ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠦᠶᠯᠡᠴᠢᠯᠡᠭᠡᠨ ᠤ ᠦᠶᠯᠡᠰ ᠢᠮᠠᠭᠲᠠ ᠥᠷᠨᠢᠭᠦᠨ ᠪᠠᠳᠠᠷᠠᠩᠭᠤᠶ ᠠᠮᠢᠵᠢᠷᠠᠯ ᠤᠨ ᠬᠦᠴᠦᠨ  ᠲᠠᠢ ᠪᠠᠶᠢᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2023/3/16
        2022 ᠤᠨ ᠳᠤ ᠤᠩᠨᠢᠭᠤᠳ ᠬᠤᠰᠢᠭᠤ   ᠨᠢ ᠬᠤᠩᠱᠠᠨ ᠨᠠᠭᠤᠷ ᠤᠨ ᠦᠵᠡᠮᠵᠢ ᠶᠢᠨ ᠣᠷᠣᠨ ᠤ ᠨᠢᠭᠡᠳᠦᠭᠡᠷ ᠬᠤᠭᠤᠴᠠᠭ᠎ᠠ᠂ ᠰᠣᠶᠣᠯ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ᠂ ᠡᠷᠲᠡᠨ ᠤ ᠤᠯᠢᠶᠠᠰᠣᠨ ᠤ ᠵᠢᠵᠢᠭ ᠪᠠᠯᠭᠠᠰᠤ ᠵᠡᠷᠭᠡ ᠲᠥᠷᠥᠯ ᠵᠦᠶᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠤᠯᠠᠭᠠᠨᠮᠥ᠋ᠴᠢᠷ ᠤᠨ ᠣᠷᠳᠣᠨ᠂ ᠦᠨᠳᠦᠰᠦᠨ ᠱᠤᠭᠤᠮᠠᠯ ᠤᠨ ᠮᠦᠽᠧᠶ ᠶᠢᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ  ᠃  ᠬᠡᠭᠡᠷ᠎ᠡ ᠶᠢᠨ ᠲᠠᠤᠯᠠᠢ ᠶᠢᠨ ᠪᠦᠭᠡᠷ᠎ᠡ ᠶᠢᠨ ᠬᠤᠸᠠᠷ ᠴᠡᠴᠡᠭ ᠤᠨ ᠵᠢᠭᠤᠯᠴᠢᠯᠠᠯ ᠤᠨ ᠨᠠᠶᠢᠷ᠂ ᠬᠤᠩᠱᠠᠨ ᠨᠠᠭᠤᠷ ᠤᠨ ᠠᠮᠲᠠᠲᠤ ᠢᠳᠡᠭᠡᠨ ᠤ ᠨᠠᠶᠢᠷ᠂ ᠨᠠᠭᠠᠳᠤᠮ ᠤᠨ ᠶᠡᠭᠡ ᠬᠤᠷᠠᠯ᠂ ᠡᠯᠡᠰᠦᠨ ᠴᠥᠯ ᠤᠨ  ᠪᠠᠭᠠᠲᠤᠷᠴᠤᠳ ᠤᠨ ᠴᠤᠭᠯᠠᠭᠠᠨ᠂ ᠵᠣᠨ ᠤ ᠵᠤᠰᠠᠭᠠᠯ ᠤᠨ ᠰᠠᠶᠢᠬᠠᠨ ᠴᠠᠭ᠂ ᠠᠩᠬᠠᠳᠤᠭᠠᠷ ᠬᠤᠭᠤᠴᠠᠭᠠᠨ ᠤ 《  ᠯᠤᠤ ᠭᠠᠷᠤᠳᠢ ᠬᠤᠨᠳᠠᠭᠠᠲᠤ 》 ᠣᠯᠠᠨ ᠤᠯᠤᠰ ᠤᠨ ᠡᠯᠡᠰᠦᠨ ᠴᠥᠯ ᠤᠨ ᠮᠠᠰᠢᠨ ᠲᠡᠷᠭᠡᠨ ᠤ ᠬᠡᠭᠡᠷᠡᠯᠡᠬᠦ ᠨᠥᠬᠦᠷᠯᠡᠯ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠂《 ᠣᠩᠨᠢᠭᠤᠳ ᠬᠤᠷᠢᠮ 》  ᠤᠨ ᠪᠠᠷᠢᠮᠲᠠᠲᠤ ᠹᠢᠯᠢᠮ ᠦᠶᠯᠡᠳᠬᠦ ᠠᠵᠢᠯ ᠢ ᠳᠠᠭᠤᠰᠬᠠᠪᠠ᠂ ᠪᠥᠬᠦ ᠵᠢᠯ ᠳᠤ 150 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ 20 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ  ᠃ 《 ᠵᠢᠩ ᠳ᠋ᠦᠩ ᠶᠦᠨ ᠼᠠᠩ᠂ ᠮᠧᠩ ᠳ᠋ᠦᠩ ᠨᠢᠭᠡᠳᠦᠭᠡᠷ ᠨᠡᠷᠡᠮᠵᠢᠲᠦ 》 ᠶᠢ ᠪᠠᠶᠢᠭᠤᠯᠤᠨ ᠳᠠᠭᠤᠰᠬᠠᠵᠤ ᠲᠤᠷᠰᠢᠨ ᠠᠵᠢᠯᠯᠠᠭᠤᠯᠪᠠ᠂ ᠬᠤᠩᠱᠠᠨ ᠵᠠᠮ ᠤᠨ ᠠᠮᠲᠠᠲᠤ ᠢᠳᠡᠭᠡᠨ ᠤ ᠵᠡᠭᠡᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ ᠳᠠᠭᠤᠰᠬᠠᠪᠠ  ᠃ ᠪᠦᠬᠦ ᠬᠤᠰᠢᠭᠤᠨ ᠤ ᠢᠳᠡᠭᠡᠨ ᠤᠮᠳᠠᠭᠠᠨ ᠤ ᠠᠵᠢᠯ ᠲᠥᠷᠥᠯ ᠤᠨ ᠨᠡᠶᠢᠭᠡᠮᠯᠢᠭ ᠢ ᠪᠠᠶᠢᠭᠤᠯᠵᠤ᠂ ᠠᠩᠬᠠᠳᠤᠭᠠᠷ ᠬᠤᠭᠤᠴᠠᠭᠠᠨ ᠤ 《 ᠲᠣᠭᠤᠭᠠᠴᠢ ᠶᠢᠨ ᠲᠡᠮᠡᠴᠡᠭᠡᠨ 》 ᠢ ᠠᠮᠵᠢᠯᠲᠠ  ᠲᠠᠢ ᠡᠷᠬᠢᠯᠡᠪᠡ  ᠃ ᠣᠷᠣᠨ ᠰᠠᠭᠤᠴᠠ ᠶᠢᠨ ᠠᠷᠠᠯᠵᠢᠶᠠᠨ ᠤ ᠴᠤᠭᠯᠠᠭᠠᠨ ᠳᠤ 169 ᠢᠵᠢ ᠲᠠᠸᠠᠷ ᠤᠨ ᠬᠡᠷ ᠪᠠᠶᠢᠰᠢᠩ ᠪᠣᠷᠣᠯᠠᠭᠤᠯᠵᠤ᠂ ᠠᠷᠠᠯᠵᠢᠶᠠᠯᠠᠭᠰᠠᠨ ᠲᠤᠭ᠎ᠠ ᠨᠢ 9073 ᠲᠦᠮᠡᠨ ᠲᠥᠭᠦᠷᠢᠭ ᠲᠤ ᠬᠦᠷᠴᠡᠶ  ᠃  ᠡᠯᠧᠺᠲᠷᠣᠨ ᠬᠡᠷᠡᠭᠯᠡᠭᠡᠨ ᠤ ᠲᠡᠮᠳᠡᠭᠲᠦ 490 ᠲᠦᠮᠡᠨ ᠲᠥᠭᠦᠷᠢᠭ ᠲᠠᠷᠬᠠᠭᠠᠵᠤ᠂ ᠬᠡᠷᠡᠭᠯᠡᠭᠡᠨ ᠤ ᠳᠠᠶᠢᠴᠢᠯᠠᠬᠤ ᠬᠠᠷᠢᠴᠠᠯ 557 % ᠪᠣᠯᠪᠠ  ᠃ ᠠᠷᠠᠯᠵᠢᠶ᠎ᠠ ᠬᠤᠳᠠᠯᠳᠤᠭᠠᠨ ᠤ 19 ᠠᠵᠤ ᠠᠬᠤᠶᠢᠯᠠᠯ ᠤᠨ ᠳᠡᠭᠡᠳᠦ ᠬᠢᠵᠠᠭᠠᠷ ᠢ ᠰᠢᠨ᠎ᠡ ᠪᠠᠷ ᠨᠡᠮᠡᠭᠳᠡᠭᠦᠯᠪᠡ  ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠨᠣᠷᠮ᠎ᠠ ᠪᠦᠬᠦ ᠬᠤᠲᠠ ᠶᠢᠨ ᠲᠡᠷᠢᠭᠦᠨ ᠡᠩᠨᠡᠭᠡᠨ ᠳᠤ ᠣᠷᠣᠪᠠ᠃ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠬᠤᠳᠠᠯᠳᠤᠭᠠᠨ  ᠤ ᠪᠠᠩᠬᠢ ᠶᠢᠨ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠪᠡ  ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠰᠪᠣᠷᠢ 181 ᠳ᠋ᠦᠩᠰᠢᠭᠤᠷ ᠲᠥᠭᠦᠷᠢᠭ ᠪᠠ 136 ᠳ᠋ᠦᠩᠰᠢᠭᠤᠷ ᠲᠥᠭᠦᠷᠢᠭ ᠲᠤ ᠬᠦᠷᠴᠦ᠂ ᠴᠦᠮ14% ᠣᠷᠴᠢᠮ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ 《 ᠪᠥᠬᠦ ᠤᠯᠤᠰ ᠤᠨ ᠭᠦᠶᠯᠭᠡᠭᠡᠨ ᠤ ᠦᠶᠯᠡᠴᠢᠯᠡᠭᠡᠨ ᠤ ᠬᠦᠴᠦᠷᠬᠡᠭ ᠰᠢᠶᠠᠨ 》 ᠤ ᠴᠣᠯᠠ ᠶᠢ ᠭᠥᠷᠳᠡᠪᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号