| ᠤᠩᠨᠢᠭᠤᠳ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠣᠨᠣᠪᠴᠢᠲᠠᠶ ᠨᠠᠷᠢᠯᠢᠭ ᠨᠠᠶᠢᠳᠠᠪᠤᠷᠢᠵᠢᠭᠤᠯᠤᠨ᠂ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ | ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠠᠵᠤ ᠠᠬᠤᠶᠢᠯᠠᠯ ᠤᠨ | ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠲᠣᠪᠣᠶᠢᠮ᠎ᠠ ᠰᠠᠶᠢᠲᠤᠷ ᠠᠳᠬᠤᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ 57 ᠲᠥᠷᠥᠯ ᠵᠦᠶᠯ ᠢ ᠰᠠᠶᠢᠲᠤᠷ ᠬᠡᠷᠡᠭᠵᠢᠭᠦᠯᠦᠨ᠂ ᠬᠡᠪᠴᠢᠶᠡᠲᠦ ᠴᠢᠨᠠᠷᠲᠠᠶ ᠳᠠᠬᠢᠨ | ᠶᠠᠳᠠᠭᠤᠷᠠᠬᠤ ᠥᠬᠡᠶ ᠪᠠᠶᠢᠬᠤ ᠶᠢ ᠪᠠᠲᠤᠯᠠᠨ᠎ᠠ ᠃ ᠯᠤᠤᠬ᠎ᠠ ᠶᠢᠨ ᠭᠤᠤᠯ᠂ ᠰᠢᠷᠠᠮᠥ᠋ᠷᠡᠨ ᠭᠤᠤᠯ ᠤᠨ 《 ᠬᠤᠶᠠᠷ | ᠭᠤᠤᠯ 》 ᠤᠨ ᠰᠠᠪᠠ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠭᠡᠳ ᠪᠣᠬᠢᠷᠲᠤᠯ | ᠥᠬᠡᠶ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ 《 ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠂ 《 ᠭᠤᠷᠪᠠ ᠶᠢ ᠨᠢᠭᠡ ᠴᠣᠭᠴᠠᠵᠢᠭᠤᠯᠬᠤ | 》 ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠪᠠᠯᠭᠠᠰᠤ 1᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 11 ᠶᠢ ᠡᠭᠦᠳᠦᠨ ᠪᠠᠶᠢᠭᠤᠯᠵᠤ᠂ ᠴᠡᠭ ᠢᠶᠠᠷ | ᠨᠡᠶᠢᠳᠡᠮ ᠢ ᠳᠠᠶᠢᠴᠢᠯᠠᠨ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠨ᠎ᠠ ᠃ ᠶᠠᠳᠠᠭᠤ ᠶᠢ ᠲᠡᠳᠬᠦᠬᠦ ᠲᠥᠷᠥᠯ ᠵᠦᠶᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠭᠠᠴᠠᠭ᠎ᠠ ᠲᠣᠰᠬᠤᠨ ᠤ ᠱᠠᠲᠤᠨ ᠤ ᠠᠰᠢᠭ ᠣᠯᠵᠠᠪᠤᠷᠢ ᠶᠢᠨ ᠮᠥᠩᠭᠦ ᠶᠢ ᠵᠢᠷᠤᠮᠵᠢᠭᠤᠯᠤᠨ | ᠬᠠᠮᠢᠶᠠᠷᠴᠤ ᠬᠡᠷᠡᠭᠯᠡᠨ᠎ᠡ ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠪᠠ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ | ᠯᠠᠪᠳᠠᠭᠤᠨ ᠪᠠᠲᠤᠲᠠᠢ ᠠᠬᠢᠭᠤᠯᠵᠤ᠂ 3 ᠰᠠᠭᠤᠷᠢ ᠬᠤᠭ ᠨᠣᠪᠰᠢ ᠶᠢ ᠢᠯᠭᠠᠬᠤ ᠪᠠ ᠬᠤᠣᠷ ᠥᠬᠡᠶᠢᠳᠡᠭᠦᠯᠦᠨ | ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ᠂ 3500 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠵᠤ᠂ | ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠪᠠ ᠡᠰᠢ ᠰᠦᠷᠡᠯ ᠢ ᠠᠰᠢᠭᠯᠠᠬᠤ ᠨᠣᠷᠮ᠎ᠠ ᠶᠢ ᠦᠷᠭᠦᠯᠵᠢᠯᠡᠨ | ᠳᠡᠭᠡᠭᠰᠢᠯᠡᠭᠦᠯᠦᠨ᠎ᠡ ᠃ 《 ᠲᠣᠤᠷᠵᠢᠭᠤᠯᠤᠯᠲᠠ + ᠬᠤᠷᠠᠮᠳᠤᠭᠤᠯᠤᠯ ᠬᠤᠪᠢ ︾ ᠶᠢᠨ ᠬᠠᠮᠢᠶᠠᠷᠤᠯᠲᠠ ᠶᠢᠨ ᠵᠠᠭᠪᠤᠷ | ᠢ ᠲᠡᠭᠦᠯᠳᠡᠷᠵᠢᠭᠦᠯᠦᠨ ᠳᠡᠯᠭᠡᠷᠡᠭᠦᠯᠵᠦ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠪᠦᠷᠢᠨᠰᠢᠭᠦᠯᠵᠦ᠂ ᠬᠡᠪ | ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠪᠠ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ ᠃ |