ᠤᠩᠨᠢᠭᠤᠳ ᠬᠤᠰᠢᠭᠤ ᠦᠩᠭᠡᠷᠡᠭᠰᠡᠨ ᠨᠢᠬᠡ ᠵᠢᠯ ᠳᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ  ᠶᠢ ᠡᠷᠡᠰ ᠳᠠᠭᠠᠵᠤ᠂ ᠲᠥᠯᠥᠭᠡᠯᠡᠭᠴᠢᠳ ᠤᠨ ᠬᠦᠨᠳᠦ ᠨᠠᠶᠢᠳᠠᠯᠭ᠎ᠠ ᠪᠠ ᠣᠯᠠᠨ ᠲᠦᠮᠡᠨ ᠤ ᠬᠦᠰᠡᠯ ᠡᠷᠡᠮᠡᠯᠵᠡᠯ ᠢ ᠪᠠᠲᠤ ᠴᠡᠭᠡᠵᠢᠯᠡᠵᠦ᠂ ᠵᠠᠰᠠᠭ ᠤᠨ ᠣᠷᠳᠣᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠥᠬᠦ ᠲᠠᠯ᠎ᠠ ᠪᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2023/3/16
          ᠤᠩᠨᠢᠭᠤᠳ ᠬᠤᠰᠢᠭᠤ ᠦᠩᠭᠡᠷᠡᠭᠰᠡᠨ ᠨᠢᠬᠡ ᠵᠢᠯ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 115 ᠬᠤᠪᠢ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ 194 ᠬᠤᠪᠢ ᠰᠠᠨᠠᠯ ᠳᠤᠷᠠᠳᠤᠯᠭ᠎ᠠ ᠶᠢ ᠭᠦᠢᠴᠡᠳᠬᠡᠪᠡ  ᠃ 《 ᠰᠤᠷᠲᠠᠯ ᠢᠶᠠᠨ ᠰᠠᠶᠢᠵᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ 》 ᠣᠨ ᠤ ᠠᠵᠢᠯᠯᠠᠭᠠᠨ ᠢ ᠭᠦᠨᠵᠡᠭᠡᠶ ᠥᠷᠨᠢᠭᠦᠯᠵᠦ᠂ 《 ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ 》 ᠤ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠪᠡ  ᠃ ᠲᠥᠪ ᠤᠨ ᠨᠠᠶᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 4 .7 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠵᠠᠰᠠᠭ  ᠤᠨ ᠣᠷᠳᠣᠨ ᠤ ᠥᠷᠢ ᠥᠭᠴᠡᠭᠡ ᠶᠢ 6 . 3 ᠳ᠋ᠦᠩᠰᠢᠭᠤᠷ ᠲᠥᠭᠦᠷᠢᠭ ᠰᠢᠶᠳᠪᠦᠷᠢᠯᠡᠪᠡ  ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠥᠷᠨᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠪᠡ  ᠃ ᠬᠢᠨᠠᠨ ᠪᠣᠳᠣᠵᠤ ᠲᠤᠭ᠎ᠠ ᠪᠦᠷᠢᠳᠬᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠭᠠᠯ ᠤᠨᠲᠠᠷᠠᠭᠠᠬᠤ᠂ ᠬᠤᠶᠠᠷ ᠢ ᠬᠦᠷᠢᠶᠡᠯᠡᠵᠦ ᠬᠠᠷᠠᠭᠠᠯᠵᠠᠨ ᠠᠰᠠᠷᠠᠬᠤ᠂ ᠦᠨᠳᠦᠰᠦᠲᠡᠨ᠂ ᠱᠠᠰᠢᠨ ᠰᠤᠷᠲᠠᠬᠤᠨ᠂ ᠴᠠᠭ ᠠᠭᠤᠷ᠂ ᠭᠠᠵᠠᠷ ᠬᠥᠳᠡᠯᠦᠯᠲᠡ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠪᠠᠶᠢᠭᠤᠯᠭ᠎ᠠ ᠶᠢᠨ ᠶᠠᠪᠤᠳᠠᠯ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠠᠵᠢᠯ ᠰᠢᠨ᠎ᠡ ᠠᠮᠵᠢᠯᠲᠠ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠣᠨ ᠬᠤᠯᠪᠣᠭ᠎ᠠ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠨᠠᠰᠤᠵᠢᠯ᠂ ᠨᠢᠭᠦᠯᠡᠰᠦᠩᠭᠦᠢ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠶᠢ ᠪᠡᠶᠡᠯᠡᠭᠦᠯᠪᠡ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号