| | | | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠴᠢᠬᠤᠯᠠ ᠵᠢᠭᠠᠪᠤᠷᠢ ᠥᠭᠴᠦ᠂ ᠡᠨᠡ | ᠵᠢᠯ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ ᠪᠢᠴᠢᠭᠡᠰᠦ | ᠪᠢᠴᠢᠵᠦ ᠥᠭᠭᠦᠭᠰᠡᠨ 60 ᠵᠢᠯ ᠤᠨ ᠤᠢ ᠪᠣᠯᠣᠨ᠎ᠠ᠃ 60 ᠵᠢᠯ ᠤᠨ ᠲᠤᠷᠰᠢ᠂ ᠯᠧᠢ ᠹᠧᠩ ᠠᠴᠠ ᠰᠤᠷᠤᠯᠴᠠᠬᠤ | ᠠᠵᠢᠯᠯᠠᠭ᠎ᠠ ᠶᠢ ᠪᠦᠭᠦ ᠤᠯᠤᠰ ᠲᠤ ᠵᠠᠯᠭᠠᠭ᠎ᠠ ᠪᠠᠷ ᠭᠦᠨᠵᠡᠭᠡᠢ ᠥᠷᠨᠢᠭᠦᠯᠵᠦ᠂ ᠯᠧᠢ ᠹᠧᠩ ᠢ ᠬᠥᠮᠥᠨ ᠪᠣᠯᠭᠠᠨ ᠮᠡᠳᠡᠵᠦ᠂ | ᠯᠧᠢ ᠹᠧᠩ ᠤᠨ ᠦᠢᠯᠡ ᠠᠵᠢᠯᠯᠠᠭ᠎ᠠ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠯᠧᠢ ᠹᠧᠩ ᠤᠨ ᠵᠣᠷᠢᠭ ᠰᠠᠨᠠᠭ᠎ᠠ | ᠦᠶ᠎ᠡ ᠦᠶ᠎ᠡ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠢ ᠤᠮᠳᠠᠯᠠᠵᠠᠢ᠃ ᠴᠠᠭ ᠦᠶ᠎ᠡ ᠶᠠᠭᠠᠬᠢᠵᠤ | ᠬᠤᠪᠢᠷᠠᠭᠰᠠᠨ ᠴᠤ ᠯᠧᠢ ᠹᠧᠩ ᠤᠨ ᠵᠣᠷᠢᠭ ᠰᠠᠨᠠᠭ᠎ᠠ ᠬᠡᠵᠢᠶᠡᠳᠡ ᠴᠠᠭ ᠠᠴᠠ ᠬᠤᠴᠣᠷᠬᠤ ᠦᠭᠡᠢ ᠭᠡᠳᠡᠭ ᠢ ᠦᠢᠯᠡᠳᠦᠯᠭᠡ | ᠭᠡᠷᠡᠴᠢᠯᠡᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠰᠢᠨ᠎ᠡ ᠠᠶᠠᠨ ᠳᠤ᠂ ᠯᠧᠢ ᠹᠧᠩ ᠤᠨ ᠵᠣᠷᠢᠭ | ᠰᠠᠨᠠᠭ᠎ᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠢ ᠡᠵᠡᠮᠰᠢᠵᠦ᠂ ᠨᠠᠮ ᠤᠨ ᠭᠡᠰᠢᠭᠦᠨ᠂ ᠺᠠᠳ᠋ᠷᠴᠤᠳ ᠤᠨ | ᠵᠢᠱᠢᠶᠡᠴᠢ ᠳᠠᠭᠠᠭᠤᠯᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠲᠤᠯᠠᠭ᠎ᠠ | ᠪᠠ ᠳᠡᠮᠵᠢᠯᠭᠡ ᠶᠢ ᠴᠢᠩᠭᠠᠳᠬᠠᠵᠤ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ | ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠯᠧᠢ ᠹᠧᠩ ᠠᠴᠠ ᠰᠤᠷᠤᠯᠴᠠᠬᠤ ᠶᠢ ᠠᠷᠠᠳ ᠣᠯᠠᠨ ᠢᠯᠠᠩᠭᠤᠶ᠎ᠠ | ᠵᠠᠯᠠᠭᠤᠴᠤᠳ ᠪᠠᠭᠠᠴᠤᠳ ᠤᠨ ᠳᠤᠮᠳᠠ ᠬᠡᠪ ᠵᠠᠩᠰᠢᠯ ᠪᠤᠯᠭᠠᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ | ᠲᠤᠲᠤᠮ ᠤᠨ ᠠᠵᠢᠯᠯᠠᠭ᠎ᠠ ᠳᠤ ᠠᠭᠤᠰᠤᠯᠴᠠᠭᠤᠯᠵᠤ᠂ ᠪᠠᠶᠢᠩᠭᠤᠵᠢᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ ᠰᠢᠨ᠎ᠡ | ᠴᠠᠭ ᠦᠶ᠎ᠡ ᠳᠤ ᠨᠠᠩ ᠭᠡᠷᠡᠯ ᠭᠢᠯᠪᠠᠭ᠎ᠠ ᠰᠠᠴᠤᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ︽ | ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠤᠯᠠᠮᠵᠢᠯᠠᠶ᠎ᠠ — ᠮᠠᠤ ᠽᠧ ᠳ᠋ᠦᠩ ᠵᠡᠷᠭᠡ ᠠᠬᠠᠮᠠᠳ ᠨᠢᠭᠡ | ᠦᠶ᠎ᠡ ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠣᠶ ᠶᠢ | ᠳᠤᠷᠠᠰᠬᠠᠶ᠎ᠠ︾ ᠭᠡᠬᠦ ᠶᠠᠷᠢᠯᠴᠠᠬᠤ ᠬᠤᠷᠠᠯ 2 ᠰᠠᠷ᠎ᠠ ᠶᠢᠨ 23 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ | ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ 60 ᠵᠢᠯ ᠤᠨ | ᠲᠤᠷᠰᠢᠬᠢ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠯᠧᠢ | ᠹᠧᠩ ᠤᠨ ᠵᠣᠷᠢᠭ ᠰᠠᠨᠠᠭᠠᠨ ᠤ ᠮᠥᠩᠬᠡ ᠶᠢᠨ ᠦᠨ᠎ᠡ ᠥᠷᠲᠡᠭ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨ᠎ᠡ | ᠠᠶᠠᠨ ᠳᠤ ᠯᠧᠢ ᠹᠧᠩ ᠤᠨ ᠵᠣᠷᠢᠭ ᠰᠠᠨᠠᠭ᠎ᠠ ᠶᠢ ᠨᠡᠩ ᠰᠠᠶᠢᠨ ᠪᠠᠳᠠᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ | ᠳᠤᠷᠠᠳᠴᠠᠢ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠤᠯᠠᠮ ᠴᠢᠨᠠᠭᠰᠢᠳᠠ ᠰᠠᠶᠢᠲᠤᠷ ᠥᠷᠨᠢᠭᠦᠯᠵᠦ᠂ ᠯᠧᠢ | ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠤᠯᠠᠮᠵᠢᠯᠠᠵᠤ᠂ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠤᠯᠠᠨ ᠤᠶᠤᠨ ᠤᠬᠠᠭᠠᠨ | ᠪᠠ ᠬᠦᠴᠦᠨ ᠴᠢᠳᠠᠯ ᠢᠶᠠᠨ ᠡᠷᠭᠦᠭᠦ ᠶᠢ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ ᠭᠡᠵᠦ | ᠢᠯᠡᠳᠬᠡᠪᠡ᠃ ᠼᠠᠢ ᠴᠢ᠂ ᠮᠠᠤ ᠽᠧ ᠳ᠋ᠦᠩ ᠨᠥᠬᠦᠷ ︽ᠯᠧᠢ ᠹᠧᠩ ᠨᠥᠬᠦᠷ ᠠᠴᠠ ᠰᠤᠷᠤᠯᠴᠠᠶ᠎ᠠ︾ ᠭᠡᠵᠦ ᠤᠷᠢᠶᠠᠯᠠᠭᠰᠠᠨ | 60 ᠵᠢᠯ ᠤᠨ ᠲᠤᠷᠰᠢ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠥᠷᠨᠢᠭᠦᠨ ᠬᠥᠭᠵᠢᠵᠦ᠂ ᠦᠷᠭᠦᠯᠵᠢᠯᠡᠨ | ᠭᠦᠨᠵᠡᠭᠡᠶᠢᠷᠡᠵᠦ᠂ ᠯᠧᠢ ᠹᠧᠩ ᠤᠨ ᠵᠣᠷᠢᠭ ᠰᠠᠨᠠᠭ᠎ᠠ ᠶᠢ ᠥᠷᠭᠡᠨ ᠢᠶᠠᠷ ᠪᠠᠳᠠᠷᠠᠭᠤᠯᠵᠤ᠂ ᠦᠶ᠎ᠡ ᠳᠠᠮᠵᠢᠨ ᠤᠯᠠᠮᠵᠢᠯᠠᠵᠤ᠂ | ᠦᠶ᠎ᠡ ᠦᠶ᠎ᠡ ᠶᠢᠨ ᠬᠥᠮᠥᠰ ᠤᠨ ᠨᠠᠮ ᠳᠠᠭᠠᠨ ᠦᠨᠡᠨᠴᠢ ᠰᠢᠳᠤᠷᠭᠤ᠂ ᠡᠬᠡ ᠤᠯᠤᠰ ᠲᠠᠭᠠᠨ ᠬᠤᠪᠢ ᠨᠡᠮᠡᠷᠢ ᠦᠵᠡᠭᠦᠯᠵᠦ᠂ | ᠠᠷᠠᠳ ᠲᠦᠮᠡᠨ ᠳᠤ ᠦᠢᠯᠡᠴᠢᠯᠡᠬᠦ ᠶᠢ ᠵᠣᠷᠢᠭᠵᠢᠭᠤᠯᠪᠠ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠢ ᠠᠯᠢ ᠣᠯᠠᠨ | ᠴᠢᠬᠤᠯᠠ ᠥᠭᠦᠯᠡᠯᠲᠡ ᠨᠡᠶᠢᠲᠡᠯᠡᠵᠦ᠂ ᠰᠢᠨ᠎ᠡ ᠴᠠᠭ ᠦᠶ᠎ᠡ ᠶᠢᠨ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ | ᠠᠭᠤᠯᠭ᠎ᠠ ᠶᠢ ᠲᠠᠰᠤᠷᠠᠯᠲᠠ ᠦᠭᠡᠢ ᠥᠷᠭᠡᠳᠬᠡᠬᠦ᠂ ᠭᠡᠯᠪᠡᠷᠢ ᠶᠢᠨ ᠰᠢᠨ᠎ᠡ ᠶᠢ ᠡᠭᠦᠳᠭᠦ᠂ ᠠᠴᠢᠶᠠᠯᠠᠭᠴᠢ ᠶᠢ | ᠪᠠᠶᠠᠯᠢᠭᠵᠢᠭᠤᠯᠬᠤ ᠶᠢ ᠵᠢᠯᠣᠭᠤᠳᠤᠨ ᠠᠬᠢᠭᠤᠯᠵᠤ᠂ ᠯᠧᠢ ᠹᠧᠩ ᠮᠠᠶ᠋ᠢᠭ ᠤᠨ ᠲᠡᠷᠢᠭᠦᠨ ᠤ ᠬᠠᠮᠲᠤ ᠪᠠ ᠵᠢᠱᠢᠶᠡᠴᠢ ᠬᠥᠮᠥᠰ | ᠪᠦᠯᠦᠭ ᠪᠦᠯᠦᠭ ᠢᠶᠠᠷ ᠴᠣᠯᠭᠤᠷᠠᠨ ᠭᠠᠷᠴᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠳᠤ ᠤᠨᠲᠠᠷᠠᠰᠢ ᠦᠭᠡᠢ | ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠪᠡ᠃ ᠰᠢᠨ᠎ᠡ ᠠᠶᠠᠨ ᠳᠤ ᠯᠧᠢ ᠹᠧᠩ ᠠᠴᠠ ᠰᠤᠷᠤᠯᠴᠠᠬᠤ | ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠬᠦ ᠳᠤ᠂ ᠶᠡᠷᠦᠩᠬᠡᠢ ᠱᠦᠵᠢ ᠰᠢ ᠶᠢᠨ ᠫᠢᠩ ᠤᠨ ᠯᠧᠢ ᠹᠧᠩ ᠤᠨ ᠵᠣᠷᠢᠭ | ᠰᠠᠨᠠᠭ᠎ᠠ ᠶᠢ ᠪᠠᠳᠠᠷᠠᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠯᠧᠢ ᠹᠧᠩ ᠤᠨ ᠵᠣᠷᠢᠭ | ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠨᠠᠮ ᠤᠨ | ᠭᠡᠰᠢᠭᠦᠨ᠂ ᠺᠠᠳ᠋ᠷ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ ᠢ | ᠪᠤᠢ ᠪᠤᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠨᠠᠮ ᠢᠶᠠᠨ | ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠯᠤᠲᠤ ᠶᠡᠭᠡ ᠬᠠᠯᠠᠭᠤᠨ ᠰᠡᠳᠬᠢᠯᠭᠡ ᠶᠢ | ᠬᠥᠭᠵᠢᠭᠡᠵᠦ᠂ ︽ᠬᠤᠶᠠᠷ ᠢ ᠲᠣᠭᠲᠠᠭᠠᠭᠰᠠᠨ︾ ᠢ ᠨᠡᠩ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠵᠦ᠂ ᠬᠤᠪᠢ ᠬᠥᠮᠥᠨ ᠤ ᠬᠥᠭᠡᠭᠡᠴᠡᠯᠳᠦᠯ ᠢᠶᠠᠨ ᠤᠬᠠᠮᠰᠠᠷ ᠠᠴᠠ ᠪᠠᠨ ᠨᠠᠮ ᠪᠠ ᠠᠷᠠᠳ ᠲᠦᠮᠡᠨ ᠤ ᠦᠢᠯᠡᠰ ᠤᠨ | ᠳᠥᠯᠥᠭᠡᠨ ᠤ ᠲᠡᠮᠡᠴᠡᠯ ᠳᠤ ᠠᠭᠤᠰᠬᠠᠨ ᠣᠷᠣᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ᠃ ᠯᠧᠢ ᠹᠧᠩ ᠤᠨ ᠵᠣᠷᠢᠭ ᠰᠠᠨᠠᠭ᠎ᠠ ᠶᠢ | ᠰᠤᠳᠤᠯᠤᠨ ᠲᠠᠶᠢᠯᠪᠤᠷᠢᠯᠠᠬᠤ᠂ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠳᠡᠭᠡᠷ᠎ᠡ | ᠬᠦᠴᠦ ᠲᠠᠯᠪᠢᠵᠤ᠂ ᠨᠠᠮ ᠤᠨ ᠭᠡᠰᠢᠭᠦᠨ᠂ ᠺᠠᠳ᠋ᠷ ᠪᠠ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠦᠨ | ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠲᠠᠪᠴᠠᠩ ᠤᠨ | ᠠᠴᠢᠶᠠᠯᠠᠭᠴᠢ ᠶᠢ ᠪᠠᠶᠠᠯᠢᠭᠵᠢᠭᠤᠯᠤᠨ ᠥᠷᠭᠡᠳᠬᠡᠵᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠤᠢ ᠪᠤᠯᠭᠠᠬᠤ ᠶᠢ ᠠᠬᠢᠭᠤᠯᠵᠤ᠂ ᠯᠧᠢ ᠹᠧᠩ ᠠᠴᠠ ᠰᠤᠷᠤᠯᠴᠠᠬᠤ | ᠠᠵᠢᠯᠯᠠᠭ᠎ᠠ ᠶᠢ ᠨᠡᠩ ᠢᠯᠡᠭᠦᠦ ᠴᠠᠭ ᠦᠶ᠎ᠡ ᠶᠢᠨ ᠲᠠᠲᠠᠬᠤ ᠬᠦᠴᠦᠨ ᠲᠠᠢ ᠪᠤᠯᠭᠠᠵᠤ᠂ ᠪᠠᠶᠢᠩᠭᠤᠵᠢᠭᠤᠯᠤᠨ ᠤᠷᠲᠤ | ᠬᠤᠭᠤᠴᠠᠭ᠎ᠠ ᠪᠠᠷ ᠪᠦᠲᠦᠮᠵᠢᠲᠡᠢ ᠪᠤᠯᠭᠠᠬᠤ ᠬᠡᠷᠡᠭᠲᠡᠢ ᠭᠡᠵᠦ ᠢᠯᠡᠳᠬᠡᠪᠡ᠃ ᠯᠢ ᠱᠤ᠋ ᠯᠧᠢ ᠶᠠᠷᠢᠯᠴᠠᠬᠤ ᠬᠤᠷᠠᠯ ᠢ ᠡᠷᠭᠢᠯᠡᠵᠦ᠂ | ᠰᠦᠨ ᠴᠦᠨ ᠯᠠᠨ ᠪᠣᠯᠣᠨ ᠮᠢᠶᠣᠣ ᠬᠤᠸᠠ ᠬᠤᠷᠠᠯ ᠳᠤ ᠣᠷᠣᠯᠴᠠᠪᠠ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠠᠵᠢᠯᠯᠠᠬᠤ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠡᠯᠲᠡᠰ᠂ ᠬᠤᠨᠠᠨ ᠮᠤᠵᠢ ᠶᠢᠨ | ᠴᠠᠩᠱᠠ ᠬᠤᠲᠠ᠂ ᠯᠢᠶᠣᠤᠨᠢᠩ ᠮᠤᠵᠢ ᠶᠢᠨ ᠹᠦᠱᠦ᠋ᠨ ᠬᠤᠲᠠ ᠪᠣᠯᠣᠨ ᠯᠧᠢ ᠹᠧᠩ ᠤᠨ ᠠᠮᠢᠳᠤ ᠰᠡᠷᠡᠭᠦᠨ ᠪᠠᠶᠢᠬᠤ | ᠦᠶ᠎ᠡ ᠶᠢᠨ ᠴᠡᠷᠢᠭ ᠠᠩᠭᠢ ᠶᠢᠨ ᠬᠠᠷᠢᠭᠤᠴᠠᠯᠭᠠᠲᠠᠨ ᠨᠥᠬᠦᠳ᠂ ᠲᠤᠰᠬᠠᠢ ᠮᠡᠷᠭᠡᠵᠢᠯᠲᠡᠨ ᠡᠷᠳᠡᠮᠲᠡᠨ ᠤ ᠲᠥᠯᠥᠭᠡᠯᠡᠭᠴᠢ | ᠶᠠᠷᠢᠯᠴᠠᠬᠤ ᠬᠤᠷᠠᠯ ᠳᠡᠭᠡᠷ᠎ᠡ ᠦᠭᠡ ᠬᠡᠯᠡᠵᠡᠢ᠃ ᠶᠠᠷᠢᠯᠴᠠᠬᠤ ᠬᠤᠷᠠᠯ ᠢ ᠲᠥᠪ ᠤᠨ ᠤᠬᠠᠭᠤᠯᠬᠤ ᠬᠡᠯᠲᠡᠰ᠂ ᠲᠥᠪ ᠤᠨ ᠪᠠ | ᠲᠦᠷᠦ ᠶᠢᠨ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂ ᠲᠥᠪ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠵᠢᠯᠤᠭᠤᠳᠬᠤ ᠵᠥᠪᠯᠡᠯ ᠤᠨ ᠠᠯᠪᠠᠨ ᠭᠡᠷ᠂ ᠰᠤᠷᠭᠠᠨ ᠬᠥᠮᠦᠵᠢᠯ ᠤᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠡᠯᠲᠡᠰ ᠬᠠᠮᠲᠤᠷᠠᠨ | ᠡᠷᠭᠢᠯᠡᠪᠡ᠃ | | | | | | |