| | | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ | ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ ︵2023 ᠣᠨ ᠤ 2 | ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠠᠴᠠ ᠪᠠᠲᠤᠯᠠᠪᠠ︶ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 2023 ᠣᠨ ᠤ 2 ᠰᠠᠷ᠎ᠠ ᠶᠢᠨ | 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠡᠨᠡ ᠤᠳᠠᠭ᠎ᠠ ᠶᠢᠨ ᠪᠦᠭᠦᠳᠡ ᠬᠤᠷᠠᠯ ᠳᠤ ᠲᠥᠪ | ᠬᠤᠷᠢᠶᠠᠨ ᠤ ᠭᠡᠰᠢᠭᠦᠨ 203 ᠬᠥᠮᠥᠨ᠂ ᠲᠥᠪ ᠬᠤᠷᠢᠶᠠᠨ ᠤ ᠣᠷᠣᠯᠠᠭᠴᠢ ᠭᠡᠰᠢᠭᠦᠨ 170 ᠬᠥᠮᠥᠨ ᠣᠷᠣᠯᠴᠠᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ᠪᠦᠭᠦᠳᠡ ᠬᠤᠷᠠᠯ ᠢ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶ᠎ᠠ ᠡᠷᠭᠢᠯᠡᠪᠡ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ | ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠢ ᠡᠷᠭᠢᠯᠡᠪᠠ᠃ ᠰᠢᠨᠬᠤᠸᠠ ᠬᠤᠷᠢᠶᠠᠨ ᠤ | ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ ᠪᠦᠭᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶ᠎ᠠ ᠶᠢᠨ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠠᠮ ᠤᠨ ᠳᠣᠲᠣᠭᠠᠳᠤ ᠭᠠᠳᠠᠭᠠᠳᠤ ᠶᠢᠨ ᠰᠠᠨᠠᠯ ᠢ ᠥᠷᠭᠡᠨ ᠢᠶᠠᠷ | ᠬᠤᠷᠢᠶᠠᠵᠤ᠂ ᠲᠠᠭᠢᠨ ᠳᠠᠪᠲᠠᠨ ᠶᠠᠷᠢᠯᠴᠠᠨ ᠵᠥᠪᠳᠡᠯᠴᠡᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ | ᠲᠡᠪᠰᠢᠭᠦᠯᠭᠦ ᠪᠠᠷ ᠪᠠᠶᠢᠭ᠎ᠠ ᠲᠦᠷᠦ ᠶᠢᠨ ᠪᠠᠶᠢᠭᠤᠯᠤᠮᠵᠢ ᠶᠢᠨ ᠤᠳᠤᠷᠢᠳᠬᠤ ᠬᠥᠮᠥᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ | ᠨᠡᠷᠡᠰ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠩᠬᠠᠳᠤᠭᠠᠷ ᠬᠤᠷᠠᠯ ᠳᠤ ᠲᠡᠪᠰᠢᠭᠦᠯᠭᠦ ᠪᠠᠷ ᠪᠠᠶᠢᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ | ᠬᠥᠮᠥᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠭᠠᠳ᠂ ᠡᠨᠡ ᠬᠤᠶᠠᠷ | ᠰᠠᠨᠠᠭᠤᠯᠭ᠎ᠠ ᠶᠢᠨ ᠨᠡᠷᠡᠰ ᠢ ᠲᠤᠰ ᠲᠤᠰ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠣᠯᠣᠨ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠳᠤ ᠲᠡᠪᠰᠢᠭᠦᠯᠭᠦ ᠪᠠᠷ ᠲᠣᠭᠲᠠᠪᠠ᠃ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ | ᠳᠤᠷᠠᠳᠤᠭᠰᠠᠨ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠬᠢᠨᠠᠨ ᠵᠥᠪᠯᠡᠵᠦ | ᠪᠠᠲᠤᠯᠠᠪᠠ᠃ ᠰᠢ ᠶᠢᠨ ᠫᠢᠩ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︵ᠡᠬᠡ | ᠨᠣᠣᠷᠠᠭ︶︾ ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ ᠪᠦᠭᠦᠳᠡ ᠬᠤᠷᠠᠯ ᠠᠴᠠ ︽ᠨᠠᠮ ᠪᠣᠯᠣᠨ | ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠤᠨ ᠬᠡᠰᠡᠭ ᠠᠭᠤᠯᠭ᠎ᠠ ᠶᠢ ᠬᠠᠤᠯᠢ ᠳᠤ ᠲᠣᠭᠲᠠᠭᠠᠭᠰᠠᠨ | ᠲᠡᠰ ᠳᠠᠷᠠᠭᠠᠯᠠᠯ ᠶᠣᠰᠣᠭᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠭᠦ ᠪᠠᠷ ᠵᠥᠪᠰᠢᠶᠡᠷᠡᠪᠡ᠃ ᠪᠦᠭᠦᠳᠡ | ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠠᠴᠠ | ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ ᠬᠦᠨᠳᠦ ᠨᠣᠴᠢᠲᠠᠢ | ᠲᠦᠪᠡᠭ ᠪᠤᠳᠤᠯᠢᠶᠠᠨᠲᠠᠢ ᠳᠡᠯᠡᠬᠡᠢ ᠶᠢᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠤᠯᠤᠰ ᠲᠦᠷᠦ ᠶᠢᠨ ᠲᠣᠪᠴᠢᠶ᠎ᠠ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ | ᠭᠠᠷᠭᠠᠵᠤ᠂ ᠵᠢᠶᠠᠩ ᠽᠧ ᠮᠢᠨ ᠨᠥᠬᠦᠷ ᠢ ᠶᠡᠭᠡ ᠪᠠᠷ ᠡᠮᠭᠡᠨᠢᠨ ᠭᠠᠰᠢᠭᠤᠳᠠᠵᠤ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ | ᠪᠡᠯᠡᠳᠬᠡᠯ ᠠᠵᠢᠯ ᠢ ᠰᠠᠶᠢᠲᠤᠷ ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠠᠵᠤ ᠠᠬᠤᠢ ᠶᠢᠨ | ᠲᠣᠭᠲᠠᠭᠤᠨ ᠢᠶᠠᠷ ᠳᠡᠭᠡᠭᠰᠢᠯᠡᠬᠦ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠭᠡᠮ | ᠵᠢᠷᠤᠮ ᠤᠨ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠠᠶᠠᠨ ᠢ ᠡᠬᠢᠯᠡᠭᠦᠯᠵᠦ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠤᠯᠠᠮ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠵᠢᠯ ᠰᠢᠨ᠎ᠡ ᠠᠯᠬᠤᠮ ᠢ ᠠᠯᠬᠤᠵᠠᠢ ᠭᠡᠵᠦ ᠰᠠᠨᠠᠯ | ᠨᠢᠭᠡᠲᠡᠢ ᠦᠵᠡᠪᠡ᠃ ᠪᠦᠭᠦᠳᠡ ᠬᠤᠷᠠᠯ ᠠᠴᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠣᠯᠣᠨ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠢ ᠰᠠᠶᠢᠲᠤᠷ ᠬᠤᠷᠠᠯᠳᠤᠭᠤᠯᠬᠤ ᠨᠢ ᠪᠦᠭᠦ ᠨᠠᠮ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠯᠠᠮ ᠴᠢᠨᠠᠭᠰᠢᠳᠠ ᠲᠠᠶᠢᠴᠢᠯᠠᠨ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠤ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠪᠦᠭᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠣᠯᠣᠨ | ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠡᠭᠦᠷᠭᠡ ᠪᠤᠯᠭᠠᠵᠤ᠂ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ᠂ | ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠬᠤ᠂ ᠪᠦᠭᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠶᠢ ᠪᠠᠷᠢᠮᠲᠠᠯᠠᠬᠤ ᠵᠠᠷᠴᠢᠮ ᠶᠣᠰᠣᠭᠠᠷ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠪᠣᠯᠣᠨ ᠲᠥᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ | ᠰᠢᠰᠲ᠋ᠧᠮᠲᠦ ᠴᠢᠨᠠᠷ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ ᠪᠠᠶᠢᠭᠤᠯᠤᠯᠲᠠ ᠶᠢ ᠪᠡᠶᠡᠯᠡᠭᠦᠯᠵᠦ᠂ ᠨᠠᠮ ᠪᠠ ᠤᠯᠤᠰ ᠤᠨ | ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠬᠤ ᠳᠤ | ᠬᠦᠴᠦᠲᠡᠢ ᠪᠠᠲᠤᠯᠠᠭ᠎ᠠ ᠬᠠᠩᠭᠠᠭᠰᠠᠨ ᠪᠥᠭᠡᠳ ᠪᠠᠰᠠ ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠬᠦ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠠᠢ ᠭᠡᠵᠦ ᠦᠵᠡᠪᠡ᠃ ᠪᠦᠭᠦᠳᠠ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠤᠬᠠᠢ ᠴᠢᠬᠤᠯᠠ ᠪᠠᠶᠢᠷᠢᠯᠠᠭᠤᠯᠤᠯᠲᠠ ᠬᠢᠪᠡ᠂ ᠡᠨᠡ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠭᠡᠳᠤ ᠶᠢᠨ ᠠᠴᠢ ᠬᠤᠯᠪᠣᠭᠳᠠᠯ ᠲᠠᠢ ᠶᠤᠮ᠃ ᠡᠷᠬᠡᠪᠰᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠲᠠᠢ ᠵᠣᠬᠢᠴᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠳᠤ | ᠵᠣᠬᠢᠴᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ | ᠪᠠᠶᠢᠭᠤᠯᠤᠮᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ᠂ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠭᠤᠯᠤᠮᠵᠢ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠮᠵᠢ ᠶᠢ | ᠨᠢᠭᠡᠳᠦᠯᠲᠡᠢ ᠲᠥᠯᠥᠪᠵᠢᠭᠦᠯᠵᠦ᠂ ᠲᠥᠪ ᠪᠠ ᠣᠷᠣᠨ ᠨᠤᠲᠤᠭ ᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ | ᠬᠦᠷᠢᠶᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ | ᠨᠡᠩ ᠰᠢᠨᠵᠢᠯᠡᠬᠦ ᠤᠬᠠᠭᠠᠨᠴᠢ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠯᠢᠳᠡᠭᠵᠢᠭᠦᠯᠵᠦ᠂ | ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠨᠡᠩ ᠲᠡᠭᠦᠯᠳᠡᠷᠵᠢᠭᠦᠯᠵᠦ᠂ ᠠᠵᠢᠯᠯᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠨᠠᠩ | ᠥᠨᠳᠥᠷ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠦᠭᠦᠳᠡ ᠬᠤᠷᠠᠯ ᠠᠴᠠ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ | ᠲᠠᠯ᠎ᠠ ᠶᠢᠨ ᠥᠨᠳᠥᠷᠴᠡ ᠠᠴᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠴᠢᠬᠤᠯᠠ ᠴᠢᠨᠠᠷ | ᠪᠣᠯᠣᠨ ᠲᠤᠯᠭᠠᠮ ᠴᠢᠨᠠᠷ ᠢ ᠭᠦᠢᠴᠡᠳ ᠲᠠᠨᠢᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ | ᠦᠶ᠋ᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ | ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠡᠷᠬᠡ ᠰᠦᠷᠲᠦ ᠴᠢᠨᠠᠷ ᠪᠣᠯᠣᠨ ᠲᠥᠪ | ᠴᠢᠩᠭ᠎ᠠ ᠴᠢᠨᠠᠷ ᠢ ᠡᠷᠡᠰ ᠬᠠᠮᠠᠭᠠᠯᠠᠵᠤ᠂ ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ ᠨᠢ | ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠦᠭᠦᠳᠡ ᠬᠤᠷᠠᠯ ᠠᠴᠠ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠣᠯ ᠣᠳᠣᠬᠠᠨ ᠤ ᠪᠠ | ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠭᠦ ᠨᠠᠮ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠂ | ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ | ᠠᠴᠢᠶᠠᠯᠠᠪᠤᠷᠢ ᠶᠢ ᠪᠠᠶᠠᠯᠢᠭᠵᠢᠭᠤᠯᠤᠨ᠂ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠷᠠᠳ ᠤᠯᠠᠨ ᠤ ᠦᠵᠡᠵᠦ | ᠰᠣᠨᠢᠷᠬᠠᠬᠤ ᠳᠤᠷᠠᠲᠠᠢ ᠭᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠠᠶᠢᠭᠤᠯᠭ᠎ᠠ ᠳᠤ | ᠣᠷᠣᠭᠤᠯᠬᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠣᠷᠣᠭᠤᠯᠬᠤ᠂ ᠬᠤᠳᠠ ᠬᠥᠳᠡᠭᠡ ᠨᠡᠶᠢᠭᠡᠮ | ᠲᠣᠭᠤᠷᠢᠭ ᠲᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠂ | ᠡᠯ᠎ᠡ ᠲᠦᠷᠦᠯ ᠤᠨ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠰᠢᠨ᠎ᠡ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠣᠷᠣᠭᠤᠯᠬᠤ᠂ ᠰᠦᠯᠵᠢᠶᠡᠨ ᠤ ᠦᠷᠳᠡᠭᠡ ᠳᠤ ᠣᠷᠣᠭᠤᠯᠬᠤ ᠶᠢ ᠠᠬᠢᠭᠤᠯᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠦᠨᠡᠨ ᠬᠦ ᠬᠠᠳᠠᠩᠰᠢᠭᠤᠯᠬᠤ ᠬᠡᠷᠡᠭᠲᠡᠢ᠃ ᠤᠳᠤᠷᠢᠳᠬᠤ | ᠺᠠᠳ᠋ᠷᠴᠤᠳ ᠦᠷᠭᠦᠯᠵᠢᠯᠡᠨ ᠪᠦᠭᠦ ᠲᠠᠯ᠎ᠠ ᠪᠠᠷ ᠰᠤᠷᠤᠯᠴᠠᠬᠤ᠂ ᠪᠦᠭᠦ ᠲᠠᠯ᠎ᠠ ᠪᠠᠷ ᠡᠵᠡᠮᠰᠢᠬᠦ᠂ ᠪᠦᠭᠦ ᠲᠠᠯ᠎ᠠ ᠪᠠᠷ | ᠨᠠᠶᠢᠳᠠᠪᠤᠷᠢᠵᠢᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ | ᠬᠤᠪᠢᠰᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ | ᠠᠷᠭ᠎ᠠ ᠶᠢᠨ ᠣᠨᠣᠯ ᠪᠠ ᠲᠡᠭᠦᠨ ᠤ ᠳᠤᠮᠳᠠ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ | ᠪᠣᠯᠪᠠᠰᠤᠷᠠᠩᠭᠤᠢ ᠡᠵᠡᠮᠰᠢᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠣᠨ ᠤᠯᠤᠰ ᠤᠨ ᠠᠵᠢᠯ ᠦᠢᠯᠡᠰ ᠤᠨ | ᠬᠥᠭᠵᠢᠯᠲᠡ ᠶᠢᠨ ᠬᠠᠷᠠᠯᠲᠠ ᠡᠭᠦᠷᠭᠡ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ | ᠬᠡᠮᠵᠢᠶ᠎ᠡ ᠶᠢ ᠪᠦᠬᠦᠯᠢ ᠴᠣᠭᠴᠠ ᠪᠠᠷ ᠨᠢ ᠡᠵᠡᠮᠳᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠲᠥᠰᠥᠯ᠂ | ᠪᠣᠳᠠᠲᠠᠢ ᠠᠷᠭ᠎ᠠ ᠬᠡᠮᠵᠢᠶ᠎ᠡ ᠶᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠢᠶᠠᠨ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠤᠨ ᠰᠠᠶᠢᠲᠤᠷ ᠲᠣᠭᠲᠠᠭᠠᠵᠤ᠂ ᠰᠠᠶᠢᠲᠤᠷ ᠬᠡᠷᠡᠭᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠦᠵᠡᠪᠡ᠃ ᠪᠦᠭᠦᠳᠡ ᠬᠤᠷᠠᠯ ᠠᠴᠠ᠂ | ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ | ᠬᠥᠭᠵᠢᠵᠦ᠂ ᠳᠡᠯᠡᠬᠡᠢ ᠶᠢᠷᠲᠢᠨᠴᠦ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠮᠠᠨ ᠤ | ᠤᠯᠤᠰ ᠤᠨ ᠬᠥᠭᠵᠢᠯᠲᠡ ᠨᠢ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ | ᠵᠡᠷᠭᠡ ᠪᠠᠷ ᠣᠷᠣᠰᠢᠵᠤ᠂ ᠲᠤᠬᠳᠠᠭᠠᠯᠳᠤ ᠪᠤᠰᠤ ᠴᠢᠨᠠᠷ ᠵᠢᠱᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠭ᠎ᠠ | ᠬᠤᠭᠤᠴᠠᠭᠠᠨ ᠳᠤ ᠣᠷᠣᠵᠠᠢ᠂ ᠡᠷᠬᠡᠪᠰᠢ ᠶᠡᠭᠡ ᠰᠠᠯᠬᠢ ᠰᠢᠷᠦᠭᠦᠨ ᠳᠠᠪᠠᠯᠭᠠᠨ ᠴᠢᠨᠠᠭᠰᠢᠯᠠᠪᠠᠯ ᠳᠣᠬᠰᠢᠨ ᠳᠠᠪᠠᠯᠭᠠᠨ | ᠰᠢᠷᠦᠭᠦᠨ ᠲᠤᠯᠭᠢᠯᠳᠠ ᠶᠢᠨ ᠬᠦᠨᠳᠦ ᠶᠡᠭᠡ ᠰᠢᠯᠭᠠᠯᠲᠠ ᠶᠢ ᠳᠤᠭᠤᠯᠬᠤ ᠪᠠᠷ ᠪᠡᠯᠡᠳᠬᠡᠬᠦ ᠬᠡᠷᠡᠭᠲᠡᠢ᠃ ᠮᠠᠨ ᠤ ᠤᠯᠤᠰ ᠤᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠮᠥᠨ ᠯᠡ ᠴᠥᠭᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠳᠤ ᠲᠤᠯᠭᠠᠷᠠᠵᠤ | ᠂ ᠬᠡᠷᠡᠭᠴᠡᠭᠡ ᠪᠠᠭᠠᠰᠴᠤ᠂ ᠬᠠᠩᠭᠠᠯᠭ᠎ᠠ ᠳᠠᠭᠠᠷᠢᠯᠲᠠ ᠳᠤ ᠤᠴᠠᠷᠠᠵᠤ᠂ ᠵᠢᠱᠢᠯᠲᠡ ᠪᠠᠭᠤᠷᠠᠢ ᠪᠣᠯᠤᠭᠰᠠᠨ ᠭᠤᠷᠪᠠᠨ ᠳᠠᠪᠬᠤᠷ | ᠳᠠᠷᠤᠯᠲᠠ ᠮᠥᠨ ᠯᠡ ᠨᠡᠯᠢᠶᠡᠳ ᠶᠡᠭᠡ ᠪᠠᠶᠢᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ | ᠪᠢᠰᠢ ᠪᠠᠶᠢᠵᠤ᠂ ᠵᠢᠱᠢᠯᠲᠡ ᠠᠴᠠ ᠳᠠᠪᠠᠭᠰᠠᠨ ᠬᠦᠴᠦᠨ ᠵᠦᠢᠯ ᠨᠦᠭᠦᠳ ᠡᠭᠦᠰᠴᠦ ᠮᠡᠳᠡᠨ᠎ᠡ᠃ ᠪᠦᠭᠦ ᠨᠠᠮ ᠤᠨ ᠨᠥᠬᠦᠳ | ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠪᠠᠶᠢᠯᠳᠤᠬᠤ ᠪᠣᠳᠣᠯᠭ᠎ᠠ ᠶᠢᠨ ᠰᠡᠷᠭᠡᠭ ᠪᠠᠶᠢᠳᠠᠯ ᠢᠶᠠᠨ ᠪᠠᠲᠤᠯᠠᠵᠤ᠂ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠ ᠶᠢ ᠨᠡᠩ ᠰᠠᠶᠢᠨ ᠨᠢᠭᠡᠳᠦᠯᠲᠡᠢ ᠲᠥᠯᠥᠪᠵᠢᠭᠦᠯᠬᠦ︾ ᠶᠢ | ᠪᠡᠶᠡᠯᠡᠭᠦᠯᠵᠦ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠬᠤ ᠬᠡᠷᠡᠭᠲᠡᠢ᠃ ᠰᠢᠨ᠎ᠡ ᠱᠠᠲᠤᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ︽ | ᠬᠥᠬᠡᠭᠴᠢᠨ ᠲᠦᠷᠦᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠴᠢᠷᠮᠠᠶᠢᠨ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠲᠦᠪᠰᠢᠨ ᠢ ᠦᠨᠡᠨ ᠬᠦ | ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ | ᠠᠵᠢᠯ ᠢ ᠬᠦᠴᠦᠯᠡᠨ ᠴᠢᠩᠭᠠᠳᠬᠠᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠣᠳᠣᠯᠭ᠎ᠠ ᠶᠢ | ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ | ᠪᠠᠲᠤᠯᠠᠵᠤ᠂ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠠᠬᠢᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠢᠯᠠᠩᠭᠤᠶ᠎ᠠ | ᠬᠤᠳᠠ ᠬᠥᠳᠡᠭᠡ ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠤᠯᠠᠨ ᠨᠡᠶᠢᠲᠡ ᠶᠢᠨ | ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠦᠷᠡᠵᠢᠯ ᠢ ᠳᠡᠮᠵᠢᠭᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠪᠦᠭᠦᠳᠠ | ᠬᠤᠷᠠᠯ ᠠᠴᠠ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠨᠢᠭᠡ ᠪᠦᠯᠦᠭ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠲᠦᠭᠡᠯᠴᠢ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ᠂ ᠬᠠᠮᠵᠢᠯᠴᠠᠨ | ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ᠂ ᠴᠢᠬᠤᠯᠠ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ | ᠰᠢᠪᠲᠤᠯᠤᠯᠲᠠ ᠭᠠᠷᠭᠠᠬᠤ ᠬᠡᠷᠡᠭᠲᠡᠢ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠲᠡᠭᠦᠯᠳᠡᠷᠵᠢᠭᠦᠯᠵᠦ᠂ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠲᠡᠭᠦᠯᠳᠡᠷᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠡᠯ᠎ᠡ ᠬᠦᠷᠢᠶᠡᠨ ᠤ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠥᠰᠥᠪᠯᠡᠬᠦ ᠬᠡᠷᠡᠭᠲᠡᠢ᠃ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ | ᠦᠭᠡᠢ ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ ᠦᠷ᠎ᠡ | ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠦᠭᠦᠳᠡ ᠬᠤᠷᠠᠯ ᠠᠴᠠ᠂ | ᠨᠠᠮ ᠤᠨ ᠪᠠᠶᠢᠭᠤᠯᠤᠯᠲᠠ ᠶᠢᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠨᠠᠮ ᠤᠨ ᠥᠪᠡᠷᠮᠢᠴᠡ ᠬᠦᠴᠢᠷ | ᠠᠰᠠᠭᠤᠳᠠᠯ ᠢ ᠰᠢᠢᠳᠪᠦᠷᠢᠯᠡᠬᠦ ᠰᠡᠷᠭᠡᠭ ᠪᠠᠶᠢᠳᠠᠯ ᠪᠣᠯᠣᠨ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠭᠦᠨᠵᠡᠭᠡᠶᠢᠷᠡᠨ | ᠭᠦᠭᠵᠢᠭᠦ ᠶᠢ ᠠᠬᠢᠭᠤᠯᠬᠤ ᠬᠡᠷᠡᠭᠲᠡᠢ᠃ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠢ ᠭᠦᠨᠵᠡᠭᠡᠢ ᠥᠷᠨᠢᠭᠦᠯᠬᠦ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠨᠠᠷᠢᠨ ᠨᠢᠮᠪᠠᠢ ᠵᠣᠬᠢᠶᠠᠨ | ᠪᠠᠶᠢᠭᠤᠯᠵᠤ᠂ ᠤᠨᠤᠯ ᠤᠨ ᠰᠤᠷᠤᠯᠴᠠᠯᠭ᠎ᠠ ᠪᠠ ᠠᠰᠢᠭᠯᠠᠯᠲᠠ ᠶᠢ ᠴᠢᠩᠭᠠᠳᠬᠠᠵᠤ᠂ ᠦᠨᠡᠨ ᠪᠣᠳᠠᠲᠠᠢ ᠦᠷ᠎ᠡ ᠪᠦᠲᠦᠮᠵᠢ | ᠣᠯᠬᠤ ᠬᠡᠷᠡᠭᠲᠡᠢ᠃ ᠬᠤᠭᠤᠴᠠᠭ᠎ᠠ ᠰᠣᠯᠢᠭᠰᠠᠨ ᠤ ᠳᠠᠷᠠᠭᠠᠬᠢ ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠭᠦᠯᠵᠦ᠂ ᠰᠤᠷᠲᠠᠯ | ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠵᠤ᠂ ᠪᠦᠯᠬᠦᠮᠳᠡᠨ ᠬᠠᠮᠵᠢᠯᠴᠠᠭᠰᠠᠨ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠰᠡᠨ᠂ ᠴᠢᠳᠠᠮᠠᠭᠠᠢ ᠠᠵᠢᠯᠯᠠᠵᠤ ᠠᠮᠵᠢᠯᠲᠠ ᠣᠯᠬᠤ ᠠᠮᠢᠳᠤᠯᠢᠭ ᠪᠠᠶᠢᠳᠠᠯ ᠢ | ᠪᠦᠷᠢᠯᠳᠦᠭᠦᠯᠬᠦ ᠬᠡᠷᠡᠭᠲᠡᠢ᠃ ᠴᠢᠩᠭ᠎ᠠ ᠪᠠᠶᠢᠬᠤ ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠬᠤ ᠶᠢ ᠡᠷᠴᠢᠮᠵᠢᠭᠦᠯᠵᠦ᠂ ᠦᠷᠭᠦᠯᠵᠢᠯᠡᠨ ︽ᠲᠦᠷᠪᠡᠨ ᠰᠤᠷᠲᠠᠯ︾ ᠢ ᠭᠦᠨᠵᠡᠭᠡᠶᠢᠷᠡᠭᠦᠯᠦᠨ ᠵᠠᠰᠠᠵᠤ᠂ ᠪᠠᠶᠢᠴᠠᠭᠠᠨ | ᠰᠤᠳᠤᠯᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ ᠦᠨᠡᠨ ᠬᠦ ᠠᠳᠬᠤᠵᠤ | ᠪᠣᠳᠠᠲᠠᠢ ᠠᠵᠢᠯᠯᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ | ᠳᠡᠶᠢᠯᠭᠦ ᠪᠣᠳᠠᠲᠠᠢ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ | ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠠᠷᠠᠯ ᠢ ᠡᠰᠡᠷᠭᠦᠴᠡᠬᠦ | ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ | ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠦᠭᠦᠳᠠ ᠬᠤᠷᠠᠯ ᠠᠴᠠ᠂ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ | ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠬᠠᠲᠠᠭᠤᠵᠢᠯᠲᠠᠢ ᠲᠡᠮᠡᠴᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ | ᠲᠡᠮᠡᠴᠡᠰᠦᠭᠡᠢ ᠭᠡᠵᠦ ᠤᠷᠢᠶᠠᠯᠠᠪᠠ᠃ | | | | | | |