| | | | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠯ ᠢᠶᠠᠷ | ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ | ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ | ᠲᠡᠷᠡ᠂ ᠨᠠᠮ ᠤᠨ ᠲᠥᠪ ᠬᠤᠷᠢᠶ᠎ᠠ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾᠂ ︽ᠭᠤᠷᠪᠠᠨ ᠬᠤᠪᠢᠷᠠᠭ᠎ᠠ ᠦᠭᠡᠢ | ᠪᠠᠶᠢᠬᠤ︾ ᠶᠢ ᠢᠮᠠᠭᠲᠠ ᠪᠠᠷᠢᠮᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠢ ᠢᠮᠠᠭᠲᠠ ᠥᠪᠡᠷ ᠤᠨ ᠬᠥᠮᠥᠨ ᠢᠶᠠᠨ ᠪᠣᠯᠭᠠᠨ ᠦᠵᠡᠪᠡ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ | ᠵᠢᠯᠤᠭᠤᠳᠴᠤ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ ᠣᠶᠢᠯᠠᠭᠠᠭᠤᠯᠵᠤ᠂ ᠢᠲᠡᠭᠡᠯ | ᠵᠣᠷᠢᠭ ᠢ ᠨᠢ ᠬᠥᠪᠴᠢᠯᠡᠵᠦ᠂ ᠳᠠᠷᠤᠭᠠᠰᠤ ᠶᠢ ᠨᠢ ᠬᠥᠩᠭᠡᠷᠡᠭᠦᠯᠵᠦ᠂ ᠵᠣᠷᠢᠭᠲᠠᠢ ᠪᠠᠷ ᠬᠥᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠵᠦ᠂ ᠴᠢᠨᠠᠷ ᠰᠠᠶᠢᠲᠠᠢ ᠭᠦᠭᠵᠢᠭᠦ ᠶᠢ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | | ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ | ᠢᠷᠡᠬᠦ ᠲᠠᠰᠢᠷᠠᠮ ᠢᠶᠠᠷ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ︽ᠬᠤᠶᠠᠷ | ᠬᠤᠷᠠᠯ︾ ᠳᠤ ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠲᠠᠨ᠂ ᠪᠦᠭᠦ | ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ | ᠣᠷᠣᠨ᠂ ᠣᠣᠮᠧᠨ ᠵᠠᠰᠠᠭ ᠵᠠᠬᠢᠷᠭᠠᠨ ᠤ ᠣᠨᠴᠠᠭᠠᠢ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠦᠳ᠂ ᠭᠠᠳᠠᠭᠠᠳᠤ ᠳᠤ | ᠪᠠᠶᠢᠭ᠎ᠠ ᠡᠮᠡᠭᠲᠡᠢ ᠬᠠᠷᠢᠶᠠᠲᠤ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ | ︕ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠬᠤᠷᠠᠯ ᠢ ᠡᠷᠭᠢᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠼᠠᠢ ᠴᠢ᠂ ᠳ᠋ᠢᠩ ᠰᠢᠤᠸᠠᠢ ᠰᠢᠶᠠᠩ ᠡᠷᠭᠢᠨ ᠦᠵᠡᠬᠦ ᠪᠠ | ᠶᠠᠷᠢᠯᠴᠠᠬᠤ ᠳᠤ ᠣᠷᠣᠯᠴᠠᠪᠠ᠃ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠽᠧᠩ ᠢᠦᠢ ᠴᠢᠶᠦ᠋ᠨ᠂ ᠰᠢᠶᠧ ᠳ᠋ᠦᠩ᠂ | ᠯᠢᠦ ᠵᠧᠨ ᠳ᠋ᠦᠩ᠂ ᠴᠧᠨ ᠰᠢᠶᠣᠣ ᠫᠢᠩ᠂ ᠰᠢᠶᠧ ᠷᠦ᠂ ᠰᠦᠨ ᠳ᠋ᠦᠩ ᠱᠧᠩ ᠵᠡᠷᠭᠡ 6 ᠭᠡᠰᠢᠭᠦᠨ᠂ ᠪᠦᠭᠦ | ᠪᠥᠮᠪᠥᠷᠴᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠠᠰᠢᠭᠲᠠᠢ ᠪᠠᠶᠢᠷᠢ ᠶᠢ ᠡᠵᠡᠯᠡᠭᠦ᠂ ᠮᠥᠩᠭᠦᠨ ᠭᠦᠢᠯᠭᠡᠭᠡᠨ ᠢᠶᠠᠷ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠶᠢ ᠳᠡᠮᠵᠢᠭᠦ᠂ ᠳᠤᠮᠳᠠ ᠵᠢᠵᠢᠭ ᠠᠵᠤ ᠠᠬᠤᠶᠢᠯᠠᠯ ᠤᠨ | ᠬᠥᠭᠵᠢᠯᠲᠡ ᠳᠤ ᠨᠡᠩ ᠰᠠᠶᠢᠨ ᠨᠥᠬᠦᠴᠡᠯ ᠡᠭᠦᠳᠴᠦ ᠦᠭᠭᠦ᠂ ᠲᠠᠪᠴᠠᠩ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠬᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠳᠠᠪᠠᠭᠤᠯᠢᠭ ᠪᠠ ᠠᠮᠢᠵᠢᠷᠠᠯ ᠤᠨ ᠬᠦᠴᠦᠨ ᠢ ᠴᠢᠨᠠᠭᠰᠢᠳᠠ ᠪᠠᠳᠠᠷᠠᠭᠤᠯᠬᠤ ᠵᠡᠷᠭᠡ ᠶᠢᠨ | ᠲᠣᠭᠤᠷᠢᠨ ᠳᠤ ᠦᠭᠡ ᠬᠡᠯᠡᠪᠡ᠃ ᠰᠢ ᠶᠢᠨ ᠫᠢᠩ ᠤᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ | ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠤᠷᠤᠯᠴᠠᠵᠤ | ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠡᠲᠡᠭᠡᠳ ᠤᠨ ᠭᠡᠰᠢᠭᠦᠳ ᠢ ᠡᠷᠭᠢᠨ ᠦᠵᠡᠵᠦ᠂ ᠤᠯᠠᠨ ᠲᠠᠢ ᠬᠠᠮᠲᠤ ᠶᠠᠷᠢᠯᠴᠠᠨ ᠪᠤᠳᠤᠯ ᠰᠠᠨᠠᠯ ᠢᠶᠠᠨ ᠰᠣᠯᠢᠯᠴᠠᠵᠤ | ᠪᠠᠶᠢᠭ᠎ᠠ ᠳᠠᠭᠠᠨ ᠮᠠᠰᠢ ᠪᠠᠶᠠᠷ ᠲᠠᠢ ᠪᠠᠶᠢᠨ᠎ᠠ ᠭᠡᠵᠦ ᠢᠯᠡᠳᠬᠡᠪᠡ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ | ᠬᠤᠷᠠᠯ ᠳᠤ ᠣᠷᠣᠯᠴᠠᠬᠰᠠᠨ ᠭᠡᠰᠢᠭᠦᠳ ᠪᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠥᠷᠭᠡᠨ ᠤᠯᠠᠨ ᠪᠦᠷᠢᠯᠳᠦᠭᠦᠨ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠥᠮᠥᠰ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ | ᠮᠡᠨᠳᠦᠴᠢᠯᠡᠯ ᠳᠡᠪᠰᠢᠭᠦᠯᠪᠡ᠃ | 2.jpg | ᠰᠢ ᠶᠢᠨ ᠫᠢᠩ᠂ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠦᠢᠯ ᠤᠨ ᠴᠢᠬᠤᠯᠠ᠂ ᠲᠦᠢᠯ ᠤᠨ | ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠳᠡᠯᠡᠬᠡᠢ ᠶᠢᠨ ᠣᠷᠴᠢᠨ ᠰᠠᠯᠬᠢ ᠶᠡᠭᠡ ᠳᠠᠪᠠᠯᠭᠠᠨ ᠰᠢᠷᠦᠭᠦᠨ ᠪᠠᠶᠢᠭᠰᠠᠨ ᠪᠠ | ᠤᠯᠤᠰ ᠤᠨ ᠳᠣᠲᠣᠭᠠᠳᠤ ᠳᠤ ᠵᠢᠱᠢᠯᠲᠡ ᠠᠴᠠ ᠳᠠᠪᠠᠭᠰᠠᠨ ᠤᠯᠠᠨ ᠳᠠᠪᠬᠤᠷ ᠬᠦᠴᠦᠨ ᠵᠦᠢᠯ ᠤᠨ ᠳᠠᠭᠠᠷᠢᠯᠲᠠ ᠳᠤ | ᠲᠤᠯᠭᠠᠷᠠᠵᠤ ᠪᠠᠶᠢᠭᠰᠠᠨ ᠪᠠᠶᠢᠳᠠᠯ ᠳᠣᠣᠷ᠎ᠠ᠂ ᠪᠦᠭᠦ ᠠᠷᠠᠳ ᠲᠦᠮᠡᠨ ᠪᠦᠯᠬᠦᠮᠳᠡᠨ ᠲᠡᠮᠡᠴᠡᠵᠦ᠂ ᠨᠤᠭᠤᠷᠠᠰᠢ ᠦᠭᠡᠢ | ᠴᠢᠷᠮᠠᠶᠢᠭᠰᠠᠨ ᠢᠶᠠᠷ᠂ ᠪᠢᠳᠡ ᠴᠢᠬᠤᠯᠠ ᠶᠡᠭᠡ ᠪᠥᠭᠡᠳ ᠠᠯᠤᠰ ᠭᠡᠳᠤ ᠶᠢᠨ ᠨᠥᠯᠥᠭᠡ ᠦᠵᠡᠭᠦᠯᠭᠦ ᠬᠡᠳᠦᠨ ᠶᠡᠭᠡ ᠶᠠᠪᠤᠳᠠᠯ ᠢ | ᠪᠦᠲᠦᠭᠡᠵᠦ᠂ ᠨᠠᠮ ᠪᠠ ᠤᠯᠤᠰ ᠤᠨ ᠠᠵᠢᠯ ᠦᠢᠯᠡᠰ ᠦᠯᠡᠮᠵᠢ ᠦᠷ᠎ᠡ ᠪᠦᠲᠦᠭᠡᠯ ᠣᠯᠪᠠ᠃ ᠳᠤᠮᠳᠠᠳᠤ ᠤᠯᠤᠰ ᠤᠨ ᠡᠪ | ᠬᠠᠮᠲᠤ ᠨᠠᠮ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠢᠯᠠᠯᠲᠠ ᠲᠠᠢ ᠪᠠᠷ | ᠬᠤᠷᠠᠯᠳᠤᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ | ᠲᠥᠰᠥᠪ ᠢ ᠵᠢᠷᠤᠭᠯᠠᠪᠠ᠃ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷ | ᠪᠡᠷᠬᠡ ᠪᠠ ᠥᠷᠢᠰᠦᠯᠳᠦᠭᠡᠨ ᠢ ᠢᠯᠠᠨ ᠳᠠᠪᠠᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠣᠭᠲᠠᠭᠰᠠᠨ | ᠬᠤᠭᠤᠴᠠᠭᠠᠨ ᠳᠤ ᠠᠮᠤᠷ ᠲᠦᠪᠰᠢᠨ ᠢᠶᠠᠷ ᠤᠷᠤᠭᠰᠢᠲᠠᠢ ᠡᠷᠭᠢᠯᠡᠪᠡ᠃ ᠪᠢᠳᠡ ᠰᠡᠷᠭᠡᠶᠢᠯᠡᠨ ᠡᠵᠡᠮᠳᠡᠬᠦ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠨᠡᠯᠢᠶᠡᠳ ᠣᠬᠤᠷᠬᠠᠨ | ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠰᠢᠯᠵᠢᠭᠦ ᠶᠢ ᠪᠡᠶᠡᠯᠡᠭᠦᠯᠵᠦ | ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠢᠶᠠᠷ ᠦᠬᠦᠬᠦ ᠨᠣᠷᠮ᠎ᠠ ᠪᠦᠭᠦ ᠪᠥᠮᠪᠥᠷᠴᠡᠭ ᠤᠨ ᠬᠠᠮᠤᠭ ᠤᠨ | ᠳᠣᠣᠷ᠎ᠠ ᠲᠦᠪᠰᠢᠨ ᠳᠤ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠰᠢᠢᠳᠪᠦᠷᠢᠲᠦ ᠴᠢᠨᠠᠷᠲᠠᠢ | ᠢᠯᠠᠯᠲᠠ ᠶᠢ ᠣᠯᠪᠠ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠭᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠬᠡᠮᠵᠢᠶ᠎ᠡ 40 ᠭᠠᠷᠤᠢ ᠵᠢᠯ ᠤᠨ ᠲᠤᠷᠰᠢᠬᠢ | ᠰᠢᠨ᠎ᠡ ᠥᠨᠳᠥᠷ ᠲᠦᠪᠰᠢᠨ ᠳᠤ ᠭᠦᠷᠦᠭᠰᠡᠨ ᠪᠠᠶᠢᠳᠠᠯ ᠳᠣᠣᠷ᠎ᠠ᠂ ᠮᠠᠨ ᠤ ᠤᠯᠤᠰ ᠤᠨ ᠪᠠᠷᠠᠭᠠᠨ ᠤ ᠦᠨ᠎ᠡ ᠶᠢᠨ ᠶᠡᠷᠦᠩᠬᠡᠢ | ᠲᠦᠪᠰᠢᠨ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠪᠦᠭᠦ ᠵᠢᠯ ᠤᠨ ᠠᠵᠤ ᠠᠬᠤᠢ ᠶᠢᠨ ᠨᠡᠮᠡᠭᠳᠡᠯ 3% ᠳᠤ ᠬᠦᠷᠴᠦ᠂ | ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ ᠮᠠᠰᠢ ᠥᠨᠳᠥᠷ ᠲᠤ ᠣᠷᠣᠵᠠᠢ᠃ ᠡᠳᠡᠭᠡᠷ | ᠠᠮᠵᠢᠯᠲᠠ ᠶᠢ ᠣᠯᠣᠭᠰᠠᠨ ᠨᠢ ᠦᠨᠡᠬᠡᠷ ᠭᠢᠯᠪᠠᠷ ᠪᠤᠰᠤ ᠶᠤᠮ ᠭᠡᠵᠦ ᠴᠢᠬᠤᠯᠠᠴᠢᠯᠠᠵᠠᠢ᠃ ᠰᠢ ᠶᠢᠨ ᠫᠢᠩ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ 5 ᠵᠢᠯ ᠪᠣᠯ ᠲᠦᠢᠯ ᠤᠨ ᠶᠡᠷᠦ ᠪᠤᠰᠤ ᠶᠢᠨ᠂ ᠲᠦᠢᠯ ᠤᠨ ᠵᠢᠷ ᠤᠨ ᠪᠤᠰᠤ 5 | ᠵᠢᠯ ᠪᠣᠯᠣᠨ᠎ᠠ᠃ ᠮᠠᠨ ᠤ ᠤᠯᠤᠰ ᠤᠨ ᠬᠥᠭᠵᠢᠯᠲᠡ ᠶᠢᠨ ᠭᠠᠳᠠᠭᠠᠳᠤ ᠣᠷᠴᠢᠨ ᠨᠥᠬᠦᠴᠡᠯ ᠰᠢᠷᠦᠭᠦᠰᠦᠨ ᠬᠤᠪᠢᠷᠠᠵᠤ᠂ | ᠲᠤᠬᠳᠠᠭᠠᠯᠳᠤ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ ᠢᠯᠡᠳᠲᠡ ᠨᠡᠮᠡᠭᠳᠡᠪᠡ᠂ ᠢᠯᠠᠩᠭᠤᠶ᠎ᠠ ᠠᠮᠧᠷᠢᠺᠠ ᠪᠠᠷ | ᠲᠣᠯᠣᠭᠠᠶᠢᠯᠠᠭᠤᠯᠤᠭᠰᠠᠨ ᠥᠷᠥᠨᠡᠳᠠᠬᠢᠨ ᠤ ᠤᠯᠤᠰ ᠤᠳ ᠮᠠᠨ ᠤ ᠤᠯᠤᠰ ᠢ ᠪᠦᠭᠦ ᠲᠠᠯ᠎ᠠ ᠪᠠᠷ ᠬᠢᠵᠠᠭᠠᠷᠯᠠᠵᠤ᠂ ᠪᠦᠰᠡᠯᠡᠨ | ᠬᠤᠷᠢᠵᠤ᠂ ᠳᠠᠷᠤᠯᠲᠠ ᠥᠭᠴᠦ᠂ ᠮᠠᠨ ᠤ ᠤᠯᠤᠰ ᠤᠨ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠬᠠᠲᠠᠭᠤ | ᠴᠢᠩᠭ᠎ᠠ ᠰᠢᠯᠭᠠᠯᠲᠠ ᠶᠢ ᠠᠪᠴᠢᠷᠠᠭᠰᠠᠨ ᠪᠠᠶᠢᠨ᠎ᠠ᠃ ᠡᠭᠦᠨ ᠤ ᠵᠡᠷᠭᠡ ᠪᠠᠷ ᠤᠯᠤᠰ ᠤᠨ ᠳᠣᠲᠣᠭᠠᠳᠤ ᠳᠤ ᠪᠠᠰᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠭᠢᠨ ᠳᠠᠪᠲᠠᠨ ᠳᠡᠯᠭᠡᠷᠡᠭᠰᠡᠨ᠂ ᠠᠵᠤ ᠠᠬᠤᠢ | ᠤᠷᠤᠭᠤᠳᠠᠬᠤ ᠳᠠᠷᠤᠯᠲᠠ ᠨᠡᠮᠡᠭᠳᠡᠭᠰᠡᠨ ᠵᠡᠷᠭᠡ ᠤᠯᠠᠨ ᠵᠦᠢᠯ ᠤᠨ ᠬᠦᠴᠢᠷᠳᠡᠯ ᠳᠤ ᠲᠤᠯᠭᠠᠷᠠᠪᠠ᠃ ᠪᠢᠳᠡ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠬᠦᠴᠢᠷ ᠢ ᠰᠥᠷᠦᠨ | ᠤᠷᠤᠭᠰᠢᠯᠠᠵᠤ᠂ ᠯᠠᠪᠳᠠᠭᠤᠨ ᠢᠶᠠᠷ ᠠᠷᠭᠠᠴᠠᠭᠠᠵᠤ᠂ ᠭᠠᠵᠢᠭᠤ ᠪᠤᠷᠤᠭᠤ ᠶᠢ ᠢᠲᠡᠭᠡᠭᠦ ᠦᠭᠡᠢ᠂ ᠳᠠᠷᠤᠯᠲᠠ ᠠᠴᠠ ᠠᠶᠤᠬᠤ | ᠦᠭᠡᠢ᠂ ᠬᠦᠴᠢᠷ ᠠᠴᠠ ᠵᠠᠶᠢᠯᠠᠬᠤ ᠦᠭᠡᠢ ᠪᠠᠶᠢᠵᠤ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ | ᠦᠷᠳᠡᠭ ᠵᠢᠯ ᠳᠤᠮᠳᠠᠴᠢ ᠪᠠᠷ 5.2% ᠢᠶᠠᠷ ᠨᠡᠮᠡᠭᠳᠡᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠭᠦ | ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠨᠠᠮ ᠪᠣᠯᠣᠨ ᠤᠯᠤᠰ ᠤᠨ | ᠠᠵᠢᠯ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠵᠤ᠂ | ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ | ᠠᠶᠠᠨ ᠳᠤ ᠣᠷᠣᠬᠤ ᠶᠢ ᠠᠬᠢᠭᠤᠯᠪᠠ᠃ 5 ᠵᠢᠯ ᠤᠨ ᠲᠤᠷᠰᠢᠬᠢ ᠠᠮᠵᠢᠯᠲᠠ ᠪᠦᠲᠦᠮᠵᠢ ᠪᠣᠯ ᠪᠦᠭᠦ ᠨᠠᠮ ᠪᠦᠭᠦ ᠤᠯᠤᠰ ᠤᠨ | ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠬᠤᠪᠢ ᠨᠡᠮᠡᠷᠢ ᠰᠢᠩᠭᠡᠵᠦ ᠪᠠᠶᠢᠭ᠎ᠠ ᠶᠤᠮ ᠭᠡᠵᠦ ᠵᠢᠭᠠᠵᠤ ᠭᠠᠷᠭᠠᠵᠠᠢ᠃ ᠰᠢ ᠶᠢᠨ ᠫᠢᠩ᠂ | ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ ᠨᠥᠬᠦᠴᠡᠯ ᠳᠤ ᠡᠭᠦᠰᠦᠭᠰᠡᠨ ᠭᠦᠨᠵᠡᠭᠡᠢ ᠪᠥᠭᠡᠳ ᠪᠤᠳᠤᠯᠢᠶᠠᠨᠲᠠᠢ | ᠬᠤᠪᠢᠷᠠᠯᠲᠠ ᠶᠢᠨ ᠡᠮᠦᠨ᠎ᠡ᠂ ᠡᠷᠬᠡᠪᠰᠢ ᠯᠠᠪᠳᠠᠭᠤᠨ ᠪᠣᠯᠭᠤᠮᠵᠢᠲᠠᠢ ᠪᠠᠶᠢᠵᠤ᠂ ᠲᠣᠭᠲᠠᠯ ᠬᠦᠴᠦᠨ ᠢᠶᠠᠨ ᠪᠠᠲᠤᠯᠠᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ ᠠᠵᠢᠯᠯᠠᠵᠤ᠂ ᠪᠦᠯᠬᠦᠮᠳᠡᠨ ᠨᠢᠭᠡᠳᠴᠦ᠂ ᠵᠣᠷᠢᠭᠲᠠᠢ | ᠲᠡᠮᠡᠴᠡᠬᠦ ᠬᠡᠷᠡᠭᠲᠡᠢ᠃ ᠯᠠᠪᠳᠠᠭᠤᠨ ᠲᠣᠭᠲᠠᠭᠤᠨ ᠪᠠᠶᠢᠵᠤ᠂ ᠲᠣᠭᠲᠠᠯ ᠬᠦᠴᠦᠨ ᠢᠶᠠᠨ ᠪᠠᠲᠤᠯᠠᠬᠤ ᠭᠡᠳᠡᠭ ᠨᠢ ᠳᠠᠷᠤᠢ | ᠳᠡᠯᠡᠬᠡᠢ ᠶᠢᠨ ᠪᠠᠶᠢᠳᠠᠯ ᠤᠨ ᠭᠦᠨᠵᠡᠭᠡᠢ ᠬᠤᠪᠢᠷᠠᠯᠲᠠ ᠶᠢ ᠯᠠᠪᠳᠠᠭᠤᠨ ᠲᠣᠭᠲᠠᠭᠤᠨ ᠢᠶᠠᠷ ᠠᠵᠢᠭᠯᠠᠵᠤ᠂ ᠡᠯ᠎ᠡ ᠵᠦᠢᠯ ᠤᠨ | ᠠᠶᠤᠯ ᠲᠦᠭᠰᠢᠭᠦᠷᠢ ᠪᠠ ᠥᠷᠢᠰᠦᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠬᠤᠪᠢᠷᠠᠯᠲᠠ ᠶᠢ ᠵᠥᠪ ᠲᠠᠨᠢᠵᠤ᠂ | ᠰᠢᠨᠵᠢᠯᠡᠬᠦ ᠤᠬᠠᠭᠠᠨᠴᠢ ᠪᠠᠷ ᠠᠷᠭᠠᠴᠠᠭᠠᠨ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠪᠠᠶᠢᠯᠳᠤᠬᠤ | ᠪᠣᠳᠣᠯᠭ᠎ᠠ ᠶᠢᠨ ᠠᠷᠭ᠎ᠠ ᠪᠣᠳᠣᠯᠭ᠎ᠠ ᠪᠠᠨ ᠴᠠᠭ ᠲᠤᠬᠠᠢ ᠳᠤᠨᠢ ᠰᠢᠯᠢᠳᠡᠭᠵᠢᠭᠦᠯᠦᠨ ᠲᠣᠬᠢᠷᠠᠭᠤᠯᠬᠤ ᠮᠥᠷᠲᠡᠭᠡᠨ ᠪᠠᠰᠠ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠰᠠᠨᠠᠭᠰᠠᠨ ᠳᠠᠭᠠᠨ ᠬᠦᠷᠬᠦ ᠪᠠᠷ ᠰᠢᠨᠲᠠᠷᠠᠰᠢ ᠦᠭᠡᠢ | ᠴᠢᠷᠮᠠᠶᠢᠵᠤ᠂ ᠡᠯ᠎ᠡ ᠵᠦᠢᠯ ᠤᠨ ᠠᠶᠤᠯ ᠲᠦᠭᠰᠢᠭᠦᠷᠢ ᠠᠴᠠ ᠡᠮᠢᠶᠡᠭᠦ ᠦᠭᠡᠢ᠂ ᠨᠢᠭᠡᠨᠲᠡ ᠲᠣᠭᠲᠠᠭᠠᠭᠰᠠᠨ ᠪᠠᠶᠢᠯᠳᠤᠬᠤ | ᠪᠣᠳᠣᠯᠭ᠎ᠠ ᠶᠢᠨ ᠬᠠᠷᠠᠯᠲᠠ ᠪᠠᠨ ᠵᠣᠷᠢᠵᠤ ᠡᠷᠡᠰ ᠭᠤᠶᠢᠪᠢᠰᠢ ᠦᠭᠡᠢ ᠤᠷᠤᠭᠰᠢᠯᠠᠬᠤ ᠶᠠᠪᠤᠳᠠᠯ ᠪᠣᠯᠣᠨ᠎ᠠ᠃ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ ᠪᠠᠷ ᠠᠵᠢᠯᠯᠠᠬᠤ ᠪᠣᠯ ᠳᠠᠷᠤᠢ ᠦᠨᠳᠦᠰᠦᠨ ᠴᠢᠭᠯᠡᠯ ᠢ ᠲᠣᠭᠲᠠᠭᠤᠨ | ᠪᠠᠶᠢᠯᠭᠠᠬᠤ᠂ ᠴᠢᠭᠯᠡᠯᠲᠡ ᠲᠦᠷᠦ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ᠂ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠣᠭᠲᠠᠭᠤᠨ ᠪᠠᠶᠢᠯᠭᠠᠬᠤ᠂ ᠰᠠᠭᠤᠷᠢ ᠶᠢ ᠪᠠᠲᠤ ᠰᠠᠬᠢᠬᠤ᠂ ᠯᠠᠪᠳᠠᠭᠤᠨ ᠲᠣᠭᠲᠠᠭᠤᠨ ᠪᠠᠶᠢᠬᠤ ᠶᠢ | ᠪᠠᠲᠤᠯᠠᠭᠰᠠᠨ ᠰᠠᠭᠤᠷᠢᠨ ᠳᠡᠭᠡᠷ᠎ᠡ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠵᠣᠭᠰᠣᠩᠭᠢᠷᠠᠬᠤ ᠦᠭᠡᠢ ᠪᠠᠶᠢᠵᠤ᠂ | ᠲᠦᠷᠭᠡᠨ ᠪᠤᠯᠭᠠᠵᠤ ᠴᠢᠳᠠᠪᠠᠯ ᠲᠦᠷᠭᠡᠨ ᠪᠤᠯᠭᠠᠵᠤ᠂ ᠬᠠᠮᠤᠭ ᠤᠨ ᠰᠠᠶᠢᠨ ᠦᠷ᠎ᠡ ᠳ᠋ᠦᠩ ᠢ ᠣᠯᠬᠤ ᠪᠠᠷ ᠴᠢᠷᠮᠠᠶᠢᠬᠤ | ᠶᠠᠪᠤᠳᠠᠯ ᠪᠣᠯᠣᠨ᠎ᠠ᠃ ᠪᠦᠯᠬᠦᠮᠳᠡᠨ ᠨᠢᠭᠡᠳᠴᠦ᠂ ᠵᠣᠷᠢᠭᠲᠠᠢ ᠪᠠᠷ ᠲᠡᠮᠡᠴᠡᠬᠦ ᠬᠡᠷᠡᠭᠲᠡᠢ᠃ ᠬᠦᠴᠦᠨ ᠴᠢᠳᠠᠯ ᠭᠡᠵᠦ | ᠪᠦᠯᠬᠦᠮᠳᠡᠯ ᠠᠴᠠ ᠢᠷᠡᠳᠡᠭ ᠶᠤᠮ᠃ ᠡᠳᠡᠭᠡᠷ ᠵᠢᠯ ᠤᠳ ᠲᠤ᠂ ᠪᠢᠳᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠠᠶᠤᠯ | ᠲᠦᠭᠰᠢᠭᠦᠷᠢ ᠪᠠ ᠥᠷᠢᠰᠦᠯᠳᠦᠭᠡᠨ ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠵᠦ᠂ ᠶᠡᠭᠡ ᠳᠠᠶᠢᠯᠠᠯᠳᠤᠭᠠᠨ ᠬᠤᠶᠢᠨ᠎ᠠ | ᠬᠤᠶᠢᠨ᠎ᠠ ᠠᠴᠠ ᠪᠠᠨ ᠦᠷᠭᠦᠯᠵᠢᠯᠡᠵᠦ᠂ ᠳᠠᠶᠢᠯᠠᠯᠳᠤᠭᠠᠨ ᠨᠢᠭᠡ ᠪᠦᠷᠢ ᠨᠢ ᠴᠥᠮ ᠪᠦᠭᠦ ᠠᠷᠠᠳ ᠲᠦᠮᠡᠨ ᠤ ᠪᠦᠯᠬᠦᠮᠳᠡᠨ | ᠲᠡᠮᠡᠴᠡᠬᠦ᠂ ᠨᠤᠭᠤᠷᠠᠰᠢ ᠦᠭᠡᠢ ᠲᠡᠮᠡᠴᠡᠬᠦ ᠳᠤ ᠲᠦᠰᠢᠭᠯᠡᠨ ᠢᠯᠠᠯᠲᠠ ᠣᠯᠵᠤ ᠢᠷᠡᠭᠰᠡᠨ ᠶᠤᠮ᠃ ᠢᠷᠡᠭᠡᠳᠦᠢ ᠶᠢᠨ ᠬᠡᠰᠡᠭ | ᠬᠤᠭᠤᠴᠠᠭᠠᠨ ᠳᠤ᠂ ᠪᠢᠳᠡᠨ ᠳᠤ ᠲᠤᠯᠭᠠᠷᠠᠬᠤ ᠠᠶᠤᠯ ᠲᠦᠭᠰᠢᠭᠦᠷᠢ ᠥᠷᠢᠰᠦᠯᠳᠦᠭᠡᠨ ᠤᠯᠠᠮ ᠠᠴᠠ ᠤᠯᠠᠮ ᠣᠯᠠᠰᠢᠷᠠᠵᠤ᠂ | ᠤᠯᠠᠮ ᠠᠴᠠ ᠤᠯᠠᠮ ᠬᠦᠨᠳᠦ ᠬᠡᠴᠡᠭᠦᠦ ᠪᠤᠯᠬᠤ ᠪᠣᠯᠣᠨ᠎ᠠ᠃ ᠭᠠᠭᠴᠠ ᠬᠦ ᠪᠦᠭᠦ ᠠᠷᠠᠳ ᠲᠦᠮᠡᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠤᠯᠠᠨ ᠤ ᠵᠣᠷᠢᠭ ᠢ ᠨᠢᠭᠡᠳᠬᠡᠵᠦ᠂ | ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠪᠡᠯ ᠰᠠᠶ᠋ᠢ ᠨᠡᠩ ᠶᠡᠭᠡ ᠰᠢᠨ᠎ᠡ ᠢᠯᠠᠯᠲᠠ ᠶᠢ ᠲᠠᠰᠤᠷᠠᠯᠳᠠ ᠦᠭᠡᠢ | ᠲᠡᠮᠡᠴᠡᠨ ᠣᠯᠵᠤ ᠴᠢᠳᠠᠨ᠎ᠠ ᠭᠡᠵᠦ ᠴᠢᠬᠤᠯᠠᠴᠢᠯᠠᠪᠠ᠃ | 3.jpg | ᠰᠢ ᠶᠢᠨ ᠫᠢᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ | ᠪᠠᠷᠢᠬᠤ᠂ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ︽ᠬᠤᠣᠰ ᠵᠠᠭᠤᠨ ᠵᠢᠯ︾ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠴᠢᠬᠤᠯᠠ ᠬᠦᠴᠦᠨ ᠮᠥᠨ᠃ ᠪᠢᠳᠡ ᠢᠮᠠᠭᠲᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠥᠪᠡᠷ ᠤᠨ ᠬᠥᠮᠥᠨ ᠢᠶᠠᠨ ᠪᠣᠯᠭᠠᠨ ᠦᠵᠡᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠳᠡᠮᠵᠢᠯᠭᠡ ᠦᠵᠡᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠲᠥᠭᠡᠷᠢᠭᠳᠡᠯ ᠳᠤ ᠲᠤᠯᠭᠠᠷᠠᠭᠰᠠᠨ ᠦᠶ᠎ᠡ ᠳᠤ ᠵᠢᠯᠣᠭᠤᠳᠤᠯᠭ᠎ᠠ ᠦᠵᠡᠭᠦᠯᠵᠡᠢ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ | ᠣᠷᠤᠯᠴᠠᠬᠤ ᠶᠢ ᠬᠦᠯᠢᠶᠡᠰᠦᠯᠡᠵᠦ ᠪᠠᠶᠢᠭ᠎ᠠ ᠳᠦᠷᠢᠮ ᠤᠨ ᠬᠠᠷᠰᠢ ᠰᠠᠭᠠᠳ ᠢ ᠠᠷᠢᠯᠭᠠᠵᠤ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠵᠤ᠂ ᠳᠦᠷᠢᠮ ᠪᠣᠯᠣᠨ ᠬᠠᠤᠯᠢ ᠴᠠᠭᠠᠵᠠ ᠶᠢᠨ ᠲᠠᠯ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ᠂ ᠵᠠᠬ᠎ᠠ ᠳᠡᠯᠭᠡᠭᠦᠷ ᠤᠨ ᠵᠢᠱᠢᠯᠲᠡ ᠪᠣᠯᠣᠨ ᠢᠲᠡᠭᠡᠯ ᠢ ᠬᠥᠭᠵᠢᠭᠡᠬᠦ ᠬᠡᠷᠡᠭᠲᠡᠢ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠨᠠᠩ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠦᠢᠯᠡᠳᠪᠦᠷᠢ ᠬᠤᠳᠠᠯᠳᠤᠭᠠᠨ ᠤ ᠬᠤᠪᠢ ᠡᠷᠦᠭᠡ ᠶᠢᠨ | ᠬᠥᠭᠵᠢᠯᠲᠡ ᠶᠢ ᠳᠡᠮᠵᠢᠵᠦ᠂ ᠲᠠᠪᠴᠠᠩ ᠤᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠡᠭᠦᠳᠭᠦ᠂ ᠬᠡᠷᠡᠭᠯᠡᠭᠡ ᠶᠢ | ᠥᠷᠭᠡᠳᠬᠡᠬᠦ᠂ ᠣᠯᠠᠨ ᠤᠯᠤᠰ ᠤᠨ ᠥᠷᠢᠰᠦᠯᠳᠦᠭᠡᠨ ᠳᠤ ᠴᠢᠳᠠᠪᠤᠷᠢ ᠪᠠᠨ ᠪᠠᠳᠠᠷᠠᠭᠤᠯᠬᠤ ᠶᠢ ᠳᠡᠮᠵᠢᠭᠦ ᠬᠡᠷᠡᠭᠲᠡᠢ᠃ ᠳᠣᠲᠣᠨᠣ | ᠪᠥᠭᠡᠳ ᠲᠣᠳᠣᠷᠬᠠᠢ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠦᠴᠢᠷ | ᠵᠣᠪᠠᠭᠤᠷᠢ ᠶᠢ ᠨᠢ ᠰᠢᠢᠳᠪᠦᠷᠢᠯᠡᠨ ᠥᠭᠴᠦ᠂ ᠲᠡᠳᠡᠨ ᠢ ᠵᠣᠷᠢᠭᠲᠠᠢ ᠠᠵᠢᠯᠯᠠᠵᠤ᠂ ᠳᠠᠷᠤᠭᠠᠰᠤ ᠦᠭᠡᠢ ᠪᠠᠷ ᠠᠵᠢᠯᠯᠠᠬᠤ | ᠪᠤᠯᠭᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠬᠥᠭᠡᠭᠡᠴᠡᠯᠳᠦᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ | ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ ᠵᠢᠯᠤᠭᠤᠳᠴᠤ ᠨᠠᠮ ᠤᠨ ᠲᠥᠪ ᠬᠤᠷᠢᠶ᠎ᠠ ᠶᠢᠨ ︽ᠬᠤᠶᠠᠷ ᠡᠷᠡᠰ | ᠭᠤᠶᠢᠪᠢᠰᠢ ᠦᠭᠡᠢ ᠪᠠᠶᠢᠬᠤ︾᠂ ︽ᠬᠤᠶᠠᠷ ᠡᠷᠡᠭᠦᠯ︾ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ | ᠣᠶᠢᠯᠠᠭᠠᠭᠤᠯᠵᠤ᠂ ᠡᠷᠡᠭᠡᠯᠵᠡᠯ ᠢ ᠨᠢ ᠠᠷᠢᠯᠭᠠᠵᠤ᠂ ᠳᠠᠷᠤᠭᠠᠰᠤ ᠶᠢ ᠨᠢ ᠬᠥᠩᠭᠡᠷᠡᠭᠦᠯᠵᠦ᠂ ᠵᠣᠷᠢᠭᠲᠠᠢ ᠪᠠᠷ ᠬᠥᠭᠵᠢᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠨᠢ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠳᠤ ᠣᠷᠣᠰᠢᠵᠤ ᠪᠠᠶᠢᠭ᠎ᠠ ᠳᠤᠲᠠᠭᠤᠳᠠᠯ ᠪᠣᠯᠣᠨ ᠲᠤᠯᠭᠠᠷᠠᠵᠤ ᠪᠠᠶᠢᠭ᠎ᠠ ᠥᠷᠢᠰᠦᠯᠳᠦᠭᠡᠨ ᠢ | ᠭᠦᠨᠵᠡᠭᠡᠢ ᠡᠵᠡᠮᠳᠡᠵᠦ᠂ ᠬᠥᠭᠵᠢᠯᠲᠡ ᠶᠢᠨ ᠭᠡᠯᠪᠡᠷᠢ ᠪᠠᠨ ᠬᠤᠪᠢᠷᠠᠭᠤᠯᠵᠤ᠂ ᠠᠵᠤ ᠦᠢᠯᠡᠰ ᠤᠨ ᠪᠦᠲᠦᠴᠡ ᠪᠠᠨ | ᠲᠣᠬᠢᠷᠠᠭᠤᠯᠵᠤ᠂ ᠨᠡᠮᠡᠭᠳᠡᠯ ᠤᠨ ᠬᠥᠳᠡᠯᠭᠡᠭᠦ ᠬᠦᠴᠦᠨ ᠢᠶᠠᠨ ᠬᠤᠪᠢᠷᠠᠭᠤᠯᠵᠤ᠂ ᠭᠤᠣᠯ ᠦᠢᠯᠡᠰ ᠢᠶᠠᠨ ᠪᠠᠲᠤ ᠰᠠᠬᠢᠵᠤ᠂ | ᠪᠣᠳᠠᠲᠤ ᠴᠣᠭᠴᠠ ᠶᠢᠨ ᠦᠢᠯᠡᠰ ᠢᠶᠠᠨ ᠬᠦᠴᠦᠷᠬᠡᠭᠵᠢᠭᠦᠯᠵᠦ᠂ ᠤᠬᠠᠮᠰᠠᠷ ᠠᠴᠠ ᠪᠠᠨ ᠴᠢᠨᠠᠷ ᠰᠠᠶᠢᠲᠠᠢ ᠬᠥᠭᠵᠢᠯᠲᠡ ᠶᠢᠨ | ᠵᠠᠮ ᠢᠶᠠᠷ ᠵᠠᠮᠨᠠᠬᠤ ᠬᠡᠷᠡᠭᠲᠡᠢ᠃ ᠴᠢᠳᠠᠪᠤᠷᠢ ᠲᠠᠢ᠂ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠣᠨᠳᠣᠣᠰᠢᠭᠤᠯᠬᠤ ᠳᠤᠮᠳᠠ ᠨᠡᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠠᠷᠠᠳ ᠤᠨ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠠᠩ ᠣᠯᠠᠨ ᠠᠷᠠᠳ ᠤᠨ ᠬᠥᠷᠥᠩᠭᠡ ᠶᠢᠨ | ᠤᠯᠤᠰ ᠤᠨ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠬᠤ ᠪᠠ ᠲᠠᠲᠠᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ | ᠦᠵᠡᠭᠦᠯᠭᠦ ᠬᠡᠷᠡᠭᠲᠡᠢ᠃ ᠡᠯ᠎ᠡ ᠲᠥᠷᠥᠯ ᠤᠨ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ | ᠪᠠ ᠬᠥᠲᠥᠯᠥᠨ ᠵᠢᠯᠤᠭᠤᠳᠴᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠠᠷᠢᠯᠭᠠᠵᠤ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠣᠯᠴᠢ ᠪᠠᠷ ᠥᠷᠢᠰᠦᠯᠳᠦᠬᠦ᠂ | ᠥᠷᠢᠰᠦᠯᠳᠦᠨ ᠭᠦᠭᠵᠢᠭᠦ ᠣᠷᠴᠢᠨ ᠨᠥᠬᠦᠴᠡᠯ ᠢ ᠡᠭᠦᠳᠴᠦ ᠥᠭᠭᠦ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ | ᠣᠳᠣᠬᠢᠴᠢᠯᠠᠯᠲᠠ ᠮᠥᠨ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠡᠰᠡᠨ ᠦᠭᠡᠢ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠴᠤ ᠭᠡᠰᠡᠨ ᠦᠭᠡᠢ᠂ ᠴᠥᠮ ᠬᠠᠮᠲᠤ ᠪᠠᠷ ᠪᠠᠶᠠᠵᠢᠬᠤ ᠶᠢ ᠠᠬᠢᠭᠤᠯᠬᠤ ᠴᠢᠬᠤᠯᠠ ᠬᠦᠴᠦᠨ ᠮᠥᠨ᠂ ᠴᠥᠮ | ᠬᠠᠮᠲᠤ ᠪᠠᠷ ᠪᠠᠶᠠᠵᠢᠬᠤ ᠶᠢ ᠠᠬᠢᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠡᠷᠬᠡᠪᠰᠢ ᠡᠭᠦᠷᠭᠡᠯᠡᠬᠦ ᠬᠡᠷᠡᠭᠲᠡᠢ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠨᠡᠮᠡᠭᠳᠡᠭᠦᠯᠵᠦ᠂ ᠠᠷᠠᠳ ᠲᠦᠮᠡᠨ ᠢᠶᠠᠷ | ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠷᠢᠳ ᠢᠶᠠᠷ | ᠪᠠᠶᠠᠵᠢᠭᠰᠠᠨ ᠨᠢ ᠰᠡᠭᠦᠯᠡᠷ ᠪᠠᠶᠠᠵᠢᠬᠤ ᠪᠠᠨ ᠳᠠᠶᠢᠴᠢᠯᠠᠬᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠲᠦ ᠪᠤᠳᠤᠯ ᠢᠶᠠᠨ ᠴᠢᠩᠭᠠᠳᠬᠠᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠠᠵᠤ ᠠᠬᠤᠶᠢᠯᠠᠯ ᠤᠨ ᠳᠣᠲᠣᠭᠠᠳᠤ ᠳᠠᠭᠠᠨ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ | ᠂ ᠪᠦᠭᠦ ᠠᠵᠢᠯᠲᠠᠨ ᠤ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ | ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠵᠢᠯᠲᠠᠨ ᠳᠤ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠠᠤᠯᠢ ᠶᠣᠰᠣᠭᠠᠷ | ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠰᠢᠯᠢᠳᠡᠭ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠤᠯᠢ ᠶᠢ | ᠰᠠᠬᠢᠵᠤ ᠡᠵᠡᠩᠨᠡᠬᠦ᠂ ᠦᠢᠯᠡᠰ ᠪᠣᠰᠬᠠᠵᠤ ᠰᠢᠨ᠎ᠡ ᠶᠢ ᠡᠭᠦᠳᠭᠦ᠂ ᠨᠡᠶᠢᠭᠡᠮ ᠳᠤ ᠠᠴᠢ ᠬᠠᠷᠢᠭᠤᠯᠠᠬᠤ ᠥᠯᠢᠭᠡᠷ ᠳᠠᠭᠤᠷᠢᠶᠠᠯ | ᠪᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠵᠠᠯᠭᠠᠮᠵᠢᠯᠠᠨ | ᠪᠠᠳᠠᠷᠠᠭᠤᠯᠵᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠪᠠ | ᠡᠷᠭᠢᠯᠡᠵᠦ᠂ ᠪᠠᠶᠠᠵᠢᠭᠰᠠᠨ ᠴᠤ ᠬᠠᠷᠢᠭᠤᠴᠠᠯᠭ᠎ᠠ ᠡᠭᠦᠷᠭᠡᠯᠡᠬᠦ᠂ ᠪᠠᠶᠠᠵᠢᠭᠰᠠᠨ ᠴᠤ ᠵᠢᠷᠤᠮ ᠢ ᠡᠷᠭᠢᠮᠯᠡᠭᠦ᠂ ᠪᠠᠶᠠᠵᠢᠭᠰᠠᠨ ᠴᠤ | ᠬᠠᠶᠢᠷ᠎ᠠ ᠶᠢ ᠳᠡᠭᠡᠳᠦᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠱᠢ ᠲᠠᠢ ᠹᠧᠩ᠂ ᠾᠧ ᠯᠢ ᠹᠧᠩ᠂ ᠬᠤᠤ | ᠮᠢᠩ ᠶᠢᠨ᠂ ᠭᠤᠤ ᠶᠦᠨ ᠯᠦᠩ ᠨᠠᠷ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠪᠠ᠃ | | | | | | |