| | | | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ᠂ | ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠢᠮᠠᠭᠲᠠ ᠰᠢᠨ᠎ᠡ ᠶᠢ ᠡᠭᠦᠳᠭᠦ᠂ ᠵᠣᠬᠢᠴᠠᠩᠭᠤᠢ᠂ | ᠪᠣᠬᠢᠷᠳᠤᠯ ᠦᠭᠡᠢ᠂ ᠨᠡᠭᠡᠭᠡᠯᠲᠡᠲᠤ᠂ ᠬᠠᠮᠲᠤ ᠪᠠᠷ ᠡᠳ᠋ᠯᠡᠭᠦ ᠳᠣᠲᠣᠭᠠᠳᠤ ᠨᠢᠭᠡᠳᠦᠯ ᠢᠶᠠᠷ ᠬᠥᠭᠵᠢᠯᠲᠡ ᠶᠢ ᠡᠵᠡᠮᠳᠡᠵᠦ᠂ | ᠬᠥᠭᠵᠢᠯᠲᠡ ᠶᠢ ᠬᠡᠮᠵᠢᠵᠦ᠂ ᠬᠥᠭᠵᠢᠯᠲᠡ ᠶᠢ ᠠᠬᠢᠭᠤᠯᠬᠤ ᠭᠡᠷᠡᠭᠲᠡᠢ︔ ᠡᠷᠬᠡᠪᠰᠢ ᠶᠠᠰᠤ ᠴᠢᠨᠠᠷ ᠢ ᠪᠦᠲᠦᠮᠵᠢᠲᠡᠶ | ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠢᠮᠠᠭᠲᠠ ᠪᠠᠷᠢᠮᠲᠠᠯᠠᠵᠤ᠂ | ᠶᠠᠰᠤ ᠴᠢᠨᠠᠷ ᠤᠨ ᠤᠬᠠᠮᠰᠠᠷ ᠢᠶᠠᠨ ᠶᠡᠭᠡ ᠪᠠᠷ ᠴᠢᠩᠭᠠᠳᠬᠠᠵᠤ᠂ ᠶᠠᠰᠤ ᠴᠢᠨᠠᠷ ᠢ ᠠᠮᠢ ᠨᠠᠰᠤ ᠪᠣᠯᠭᠠᠨ ᠦᠵᠡᠵᠦ᠂ ᠴᠢᠨᠠᠷ | ᠰᠠᠶᠢᠲᠠᠢ ᠪᠠᠶᠢᠬᠤ ᠪᠠᠷ ᠬᠥᠭᠡᠭᠡᠴᠡᠯᠳᠦᠯ ᠪᠤᠯᠭᠠᠬᠤ ᠭᠡᠷᠡᠭᠲᠡᠶ︔ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ | ᠦᠭᠡᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠠᠷᠭ᠎ᠠ ᠭᠡᠯᠪᠡᠷᠢ ᠶᠢ ᠭᠦᠨᠵᠡᠭᠡᠢ ᠬᠤᠪᠢᠷᠠᠭᠤᠯᠵᠤ᠂ ᠦᠷ᠎ᠡ ᠠᠰᠢᠭ ᠤᠨ | ᠬᠤᠪᠢᠰᠤᠯᠲᠠ᠂ ᠬᠥᠳᠡᠯᠭᠡᠭᠦ ᠬᠦᠴᠦᠨ ᠤ ᠬᠤᠪᠢᠰᠤᠯᠲᠠ ᠪᠠᠷ ᠶᠠᠰᠤ ᠴᠢᠨᠠᠷ ᠤᠨ ᠬᠤᠪᠢᠰᠤᠯᠲᠠ ᠶᠢ ᠠᠬᠢᠭᠤᠯᠵᠤ᠂ | ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠪᠦᠷᠢᠯᠳᠦᠭᠦᠯᠬᠦ ᠭᠡᠷᠡᠭᠲᠡᠶ︔ | ᠡᠷᠬᠡᠪᠰᠢ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠪᠠᠷ ᠵᠣᠷᠢᠯᠲᠠ ᠪᠠ ᠲᠤᠰᠤᠯᠲᠠ ᠪᠤᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ | ᠠᠮᠢᠳᠤᠷᠠᠯ ᠤᠨ ᠴᠢᠨᠠᠷ ᠴᠢᠨᠰᠠᠭ᠎ᠠ ᠪᠣᠯᠭᠠᠨ ᠬᠤᠪᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠳᠤ ᠬᠦᠷᠴᠦ ᠢᠷᠡᠬᠦ ᠳᠤ ᠲᠤᠬᠠᠢ ᠶᠢᠨ | ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ | ᠬᠢᠨᠠᠨ ᠵᠥᠪᠯᠡᠵᠦ᠂ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠰᠢᠦᠢ ᠺᠦᠨ ᠯᠢᠨ᠂ ᠯᠢᠦ ᠴᠢᠩ᠂ ᠱᠠᠨ ᠽᠧᠩ ᠬᠠᠢ᠂ | ᠸᠧᠢ ᠴᠢᠶᠣᠤ᠂ ᠵᠠᠩ ᠳ᠋ᠠ ᠳ᠋ᠦᠩ᠂ ᠦ᠋ ᠴᠢᠩ ᠸᠧᠨ ᠵᠡᠷᠭᠡ 6 ᠲᠥᠯᠥᠭᠡᠯᠡᠭᠴᠢ ᠲᠤᠰ ᠲᠤᠰ ᠪᠦᠭᠦ ᠤᠯᠤᠰ ᠤᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ᠂ ᠣᠷᠣᠨ ᠪᠦᠰᠡ ᠶᠢᠨ ᠬᠠᠮᠵᠢᠯᠴᠠᠨ ᠰᠢᠨ᠎ᠡ ᠶᠢ ᠡᠭᠦᠳᠭᠦ ᠶᠢ | ᠶᠡᠭᠡ ᠪᠠᠷ ᠠᠬᠢᠭᠤᠯᠬᠤ᠂ ᠡᠷᠡᠰ ᠭᠤᠶᠢᠪᠢᠰᠢ ᠦᠭᠡᠢ ᠪᠠᠷ ᠦᠢᠯᠡᠳᠭᠦ ᠦᠢᠯᠡᠰ ᠤᠨ ᠨᠣᠶᠠᠨ ᠤᠷᠭᠢᠯ ᠳᠤ ᠠᠪᠠᠷᠢᠬᠤ᠂ ᠰᠢᠨ᠎ᠡ | ᠴᠠᠭ ᠦᠶ᠎ᠡ ᠶᠢᠨ ︽ᠰᠢᠨ᠎ᠡ ᠲᠠᠷᠢᠶᠠᠴᠢᠨ︾ ᠪᠤᠯᠬᠤ᠂ ᠨᠠᠮ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠤᠯᠤᠭᠴᠢ ᠪᠤᠯᠬᠤ ᠵᠡᠷᠭᠡ | ᠠᠰᠠᠭᠤᠳᠠᠯ ᠤᠨ ᠲᠣᠭᠤᠷᠢᠨ ᠳᠤ ᠦᠭᠡ ᠬᠡᠯᠡᠪᠡ᠃ ᠰᠢ ᠶᠢᠨ ᠫᠢᠩ ᠪᠠᠶᠢᠨ ᠲᠠᠭᠢᠨ ᠳᠤᠮᠳᠠ ᠨᠢ ᠦᠭᠡ ᠬᠡᠯᠡᠵᠦ᠂ | ᠤᠯᠠᠨ ᠲᠠᠢ ᠪᠤᠳᠤᠯ ᠰᠠᠨᠠᠯ ᠢᠶᠠᠨ ᠰᠣᠯᠢᠯᠴᠠᠪᠠ᠃ ᠣᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ | ᠰᠢ ᠶᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ | ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠵᠢᠶᠠᠩᠰᠤ ᠶᠢᠨ ᠲᠠᠪᠤᠨ ᠵᠢᠯ ᠤᠨ ᠲᠤᠷᠰᠢᠬᠢ ᠠᠵᠤ ᠠᠬᠤᠢ ᠨᠡᠶᠢᠭᠡᠮ ᠤᠨ | ᠬᠥᠭᠵᠢᠯᠲᠡ ᠪᠣᠯᠣᠨ ᠨᠠᠮ ᠤᠨ ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ | ᠨᠤᠲᠠᠯᠠᠵᠤ᠂ ᠵᠢᠶᠠᠩᠰᠤ ᠶᠢᠨ ᠬᠢᠨ ᠦᠷᠭᠦᠯᠵᠢᠯᠡᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠷᠡᠮᠡᠬᠡᠶᠢᠯᠡᠨ | ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ ᠬᠤᠰᠢᠭᠤᠷᠠᠵᠤ᠂ ︽ | ᠠᠵᠤ ᠠᠬᠤᠢ ᠬᠦᠴᠦᠷᠬᠡᠭ ᠠᠷᠠᠳ ᠲᠦᠮᠡᠨ ᠪᠠᠶᠠᠨ ᠴᠢᠨᠡᠭᠡᠯᠢᠭ ᠣᠷᠴᠢᠨ ᠲᠣᠭᠤᠷᠢᠨ ᠦᠵᠡᠰᠬᠦᠯᠡᠩᠲᠦ ᠰᠠᠶᠢᠬᠠᠨ | ᠨᠡᠶᠢᠭᠡᠮ ᠤᠨ ᠪᠣᠯᠪᠠᠰᠤᠨ ᠤ ᠬᠡᠮᠵᠢᠶ᠎ᠡ ᠥᠨᠳᠥᠷ︾ ᠰᠢᠨ᠎ᠡ ᠵᠢᠶᠠᠩᠰᠤ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠵᠦ᠂ ᠪᠦᠭᠦ | ᠤᠯᠤᠰ ᠤᠨ ᠶᠡᠭᠡ ᠲᠠᠯ᠎ᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠪᠡ᠃ | | | ᠰᠢ ᠶᠢᠨ ᠫᠢᠩ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠵᠠᠶᠢᠯᠠᠰᠢ ᠦᠭᠡᠢ ᠵᠠᠮ ᠮᠥᠨ᠃ ᠤᠯᠠᠨ ᠤᠯᠤᠰ ᠤᠨ ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ᠂ | ᠪᠢᠳᠡ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ | ᠬᠥᠳᠡᠯᠭᠡᠭᠦ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ ᠳᠤ ᠦᠨᠳᠦᠰᠦᠨ ᠠᠴᠠ ᠨᠢ ᠠᠪᠴᠤ ᠬᠡᠯᠡᠪᠡᠯ ᠮᠥᠨ ᠯᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠳᠤ ᠲᠦᠰᠢᠭᠯᠡᠬᠦ ᠬᠡᠷᠡᠭᠲᠡᠢ᠃ ᠪᠢᠳᠡ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠴᠢᠳᠠᠬᠤ | ᠡᠰᠡᠬᠦ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠳᠤ ᠪᠠᠶᠢᠨ᠎ᠠ᠃ ︽ᠳᠥᠷᠪᠡ ᠳᠤ ᠬᠠᠨᠳᠤᠭᠤᠯᠬᠤ︾ ᠶᠢ ᠪᠠᠷᠢᠮᠲᠠᠯᠠᠵᠤ᠂ ᠰᠢᠨ᠎ᠡ ᠶᠢ ᠡᠭᠦᠳᠭᠦ ᠪᠠᠷ | ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠦᠢᠯᠡᠳᠪᠦᠷᠢᠯᠡᠯ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠠᠪᠴᠠᠩ ᠤᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠣᠷᠦ᠋ᠢᠯᠠᠭᠰᠠᠨ ᠰᠢᠨᠵᠢᠯᠡᠬᠦ ᠤᠬᠠᠭᠠᠨᠲᠠᠨ ᠲᠦᠷᠦᠭᠦᠯᠡᠨ ᠠᠩᠬᠠᠨ ᠤ ᠡᠭᠦᠳᠦᠯᠲᠡ ᠶᠢᠨ ᠴᠢᠨᠠᠷᠲᠠᠢ᠂ | ᠬᠥᠲᠥᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠳᠡᠮᠵᠢᠵᠦ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠴᠢᠷᠮᠠᠶᠢᠨ ᠰᠢᠢᠳᠪᠦᠷᠢᠯᠡᠵᠦ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠳᠤ ᠪᠡᠶ᠎ᠡ ᠪᠠᠨ ᠳᠠᠭᠠᠭᠠᠵᠤ ᠡᠵᠡᠮᠳᠡᠵᠦ ᠲᠡᠶᠢᠯᠭᠦ ᠶᠢ ᠪᠡᠶᠡᠯᠡᠭᠦᠯᠬᠦ ᠬᠡᠷᠡᠭᠲᠡᠢ᠃ ᠠᠵᠤ | ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠭᠦ ᠬᠡᠯᠬᠢᠶ᠎ᠡ ᠠᠵᠤ | ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ ᠪᠤᠶᠢᠵᠢᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠬᠦᠴᠦᠯᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠭᠦ ᠰᠣᠶᠣᠯ ᠢ ᠶᠡᠭᠡ ᠪᠠᠷ | ᠪᠤᠶᠢᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮ ᠪᠠ ᠤᠷᠮᠠᠰᠢᠭᠤᠯᠬᠤ | ᠲᠣᠭᠲᠠᠴᠠ ᠶᠢ ᠪᠦᠷᠢᠨᠰᠢᠭᠦᠯᠵᠦ᠂ ᠰᠢᠨ᠎ᠡ ᠶᠢ ᠡᠭᠦᠳᠭᠦ ᠴᠢᠳᠠᠪᠤᠷᠢᠲᠠᠨ ᠤ ᠴᠣᠯᠭᠤᠷᠠᠨ ᠭᠠᠷᠬᠤ᠂ ᠠᠪᠢᠶᠠᠰ ᠴᠢᠳᠠᠪᠤᠷᠢ ᠪᠠᠨ | ᠭᠦᠢᠴᠡᠳ ᠪᠠᠳᠠᠷᠠᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ ᠭᠡᠵᠦ ᠵᠢᠭᠠᠵᠤ | ᠭᠠᠷᠭᠠᠵᠠᠢ᠃ ᠰᠢ ᠶᠢᠨ ᠫᠢᠩ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠦᠨᠳᠦᠰᠦᠨ ᠴᠡᠭ ᠮᠥᠨ᠃ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ | ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ | ᠭᠦᠨᠵᠡᠭᠡᠢ ᠠᠬᠢᠭᠤᠯᠵᠤ᠂ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ | ᠲᠣᠨᠣᠭᠯᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠦᠢᠯᠡᠳᠭᠦ ᠦᠢᠯᠡᠰ ᠤᠨ ᠳᠡᠭᠡᠳᠦ ᠲᠡᠰᠵᠢᠯᠳᠡ᠂ | ᠣᠶᠤᠨᠴᠢᠯᠠᠯᠲᠠ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠦᠢᠯᠡᠳᠭᠦ ᠦᠢᠯᠡᠰ ᠤᠨ ᠬᠦᠴᠦᠷᠬᠡᠭ ᠮᠤᠵᠢ ᠶᠢ | ᠲᠦᠷᠭᠡᠳᠬᠡᠨ ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ | ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠬᠦᠷᠢᠶᠡᠨ ᠳᠠᠬᠢ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠪᠣᠯᠣᠨ | ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠳᠦᠷᠢᠮ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠤᠨ ᠦᠨᠳᠦᠰᠦ ᠰᠠᠭᠤᠷᠢ ᠮᠥᠨ᠂ ᠬᠥᠳᠡᠭᠡ ᠠᠵᠤ ᠠᠬᠤᠢ ᠶᠢᠨ | ᠣᠳᠣᠬᠢᠴᠢᠯᠠᠯᠲᠠ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ | ᠮᠥᠨ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ | ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ | ᠦᠨᠡᠨ ᠬᠦ ᠪᠠᠲᠤᠯᠠᠬᠤ ᠬᠡᠷᠡᠭᠲᠡᠢ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠬᠥᠳᠡᠭᠡ ᠠᠵᠤ ᠠᠬᠤᠢ ᠶᠢᠨ | ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠪᠠᠷ ᠤᠷᠲᠤᠳᠬᠠᠨ ᠥᠷᠭᠡᠳᠬᠡᠵᠦ᠂ ᠬᠥᠳᠡᠭᠡ ᠲᠣᠰᠬᠤᠨ ᠤ ᠰᠢᠨ᠎ᠡ ᠠᠵᠤ | ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ ᠪᠤᠶᠢᠵᠢᠭᠤᠯᠤᠨ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ᠃ ᠪᠠᠯᠭᠠᠰᠤ ᠲᠣᠰᠬᠤᠨ ᠤ | ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ | ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ | ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠤ | ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ | ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ ᠬᠥᠳᠡᠭᠡ ᠲᠣᠰᠬᠤᠨ ᠢ ᠲᠦᠷᠭᠡᠳᠬᠡᠨ | ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ | ᠴᠢᠩᠭᠠᠳᠬᠠᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠂ ᠰᠢᠨ᠎ᠡ ᠮᠠᠶ᠋ᠢᠭ ᠤᠨ ᠲᠠᠷᠢᠶᠠᠯᠠᠩ ᠤᠨ | ᠡᠵᠡᠩᠨᠡᠯᠲᠡ ᠶᠢᠨ ᠭᠤᠣᠯ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠲᠣᠰᠬᠤᠨ ᠤ | ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠳᠤ | ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠠᠷᠠᠳ | ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠠᠮᠢᠳᠤᠷᠠᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠡᠴᠦᠰ ᠤᠨ ᠬᠠᠷᠠᠯᠲᠠ ᠮᠥᠨ᠃ ᠦᠨᠳᠦᠰᠦᠨ ᠱᠠᠲᠤᠨ ᠤ ᠵᠠᠰᠠᠯᠲᠠ ᠪᠣᠯᠣᠨ ᠠᠷᠠᠳ ᠤᠨ ᠠᠮᠢᠳᠤᠷᠠᠯ ᠤᠨ ᠪᠠᠲᠤᠯᠠᠭ᠎ᠠ ᠨᠢ | ᠠᠷᠠᠳ ᠤᠯᠠᠨ ᠤ ᠦᠨᠳᠦᠰᠦᠨ ᠠᠰᠢᠭ ᠲᠤᠰᠠ ᠲᠠᠢ ᠬᠤᠯᠪᠣᠭᠳᠠᠵᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ᠂ ᠴᠢᠨᠠᠷ | ᠰᠠᠶᠢᠲᠠᠢ ᠠᠮᠢᠳᠤᠷᠠᠯ ᠢ ᠴᠣᠭᠴᠠᠯᠠᠬᠤ ᠰᠠᠭᠤᠷᠢᠯᠠᠬᠤ ᠴᠢᠨᠠᠷᠲᠠᠢ ᠢᠨᠵᠧᠨᠧᠷᠢᠩ ᠪᠣᠯᠣᠨ᠎ᠠ᠂ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠡᠷᠬᠡᠪᠰᠢ ᠰᠡᠳᠬᠢᠯ ᠳᠡᠭᠡᠨ ᠪᠠᠲᠤ ᠴᠡᠭᠡᠵᠢᠯᠡᠵᠦ᠂ ᠴᠠᠭ ᠢᠮᠠᠭᠲᠠ ᠠᠳᠬᠤᠵᠤ᠂ | ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠲᠣᠭᠲᠠᠴᠠ ᠶᠢ | ᠪᠦᠷᠢᠨᠰᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ | ᠲᠣᠣᠷᠵᠢᠭᠤᠯᠤᠬᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ | ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ ᠬᠤᠳᠠ ᠬᠥᠳᠡᠭᠡ ᠨᠡᠶᠢᠭᠡᠮ | ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠠᠷᠠᠳ ᠤᠯᠠᠨ ᠳᠤ ᠭᠡᠷ ᠤᠨ ᠡᠭᠦᠳᠡᠨ ᠳᠡᠭᠡᠷᠡᠬᠢ ᠰᠢᠯᠢᠳᠡᠭ | ᠦᠢᠯᠡᠴᠢᠯᠡᠭᠡ ᠪᠠ ᠨᠠᠷᠢᠯᠢᠭ ᠬᠠᠮᠢᠶᠠᠷᠤᠯᠲᠠ ᠶᠢ ᠬᠠᠩᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠶᠢᠳᠠᠯ ᠳᠣᠣᠷᠠᠬᠢ ᠠᠷᠠᠳ ᠤᠨ ᠳᠣᠲᠣᠭᠠᠳᠤ ᠶᠢᠨ ᠵᠥᠷᠢᠴᠡᠯ ᠢ | ᠵᠥᠪ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ | ᠦᠨᠳᠦᠰᠦᠨ ᠱᠠᠲᠤᠨ ᠳᠤᠨᠢ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠬᠡᠷᠡᠭᠲᠡᠢ᠃ ᠠᠷᠠᠳ | ᠤᠯᠠᠨ ᠤ ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠢ ᠴᠢᠩᠭ᠎ᠠ ᠠᠳᠬᠤᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠶᠢ ᠠᠪᠴᠤ | ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠭᠤᠣᠯᠳᠠᠯᠭ᠎ᠠ ᠲᠠᠢ ᠬᠥᠮᠥᠰ ᠲᠤ | ᠠᠵᠢᠯ ᠣᠯᠭᠤᠵᠤ ᠬᠠᠪᠰᠤᠷᠤᠨ ᠲᠡᠳᠭᠦᠭᠦ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ᠂ ︽ᠨᠠᠰᠤᠲᠠᠶᠢᠴᠤᠳ ᠪᠠᠭᠠᠴᠤᠳ︾ ᠤᠨ ᠦᠢᠯᠡᠴᠢᠯᠡᠭᠡ ᠶᠢ ᠴᠢᠩᠭᠠᠳᠬᠠᠬᠤ | ᠵᠡᠷᠭᠡ ᠠᠵᠢᠯ ᠢ ᠬᠦᠴᠦᠯᠡᠨ ᠰᠠᠶᠢᠲᠤᠷ ᠬᠢᠬᠦ ᠬᠡᠷᠡᠭᠲᠡᠢ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ | ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ ᠬᠠᠮᠤᠭ ᠤᠨ | ᠰᠡᠭᠦᠯ ᠳᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠡᠷᠡᠭᠲᠡᠢ᠃ ᠡᠯ᠎ᠡ | ᠱᠠᠲᠤᠨ ᠤ ᠨᠠᠮ ᠤᠨ ᠬᠤᠷᠢᠶ᠎ᠠ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ | ᠡᠭᠦᠷᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ | ᠠᠵᠢᠯ ᠢ ᠦᠨᠡᠨ ᠬᠦ ᠴᠢᠩᠭᠠᠳᠬᠠᠵᠤ᠂ ᠬᠤᠭᠤᠴᠠᠭ᠎ᠠ ᠰᠣᠯᠢᠭᠰᠠᠨ ᠤ ᠳᠠᠷᠠᠭᠠᠬᠢ ᠡᠯ᠎ᠡ ᠱᠠᠲᠤᠨ ᠤ ᠤᠳᠤᠷᠢᠳᠬᠤ ᠪᠠᠭ ᠪᠣᠯᠣᠨ | ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠢ | ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠢᠨ᠎ᠡ ᠠᠶᠠᠨ ᠳᠤ | ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ | ᠵᠢᠯᠣᠭᠤᠳᠤᠯᠭ᠎ᠠ ᠪᠣᠯᠣᠨ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠼᠠᠢ ᠴᠢ᠂ ᠳ᠋ᠢᠩ | ᠰᠢᠤᠸᠠᠢ ᠰᠢᠶᠠᠩ᠂ ᠾᠧ ᠯᠢ ᠹᠧᠩ ᠨᠠᠷ ᠣᠷᠣᠯᠴᠠᠪᠠ᠃ | | | | | | |