ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2023/3/16
︵2023 ᠣᠨ ᠤ 3 ᠰᠠᠷ᠎ᠠ ᠶᠢᠨ 13 ᠤ ᠡᠳᠦᠷ︶ᠰᠢ ᠶᠢᠨ ᠫᠢᠩᠲᠥᠯᠥᠭᠡᠯᠡᠭᠴᠢᠳ ᠠ᠋᠄ᠡᠨᠡ ᠤᠳᠠᠭ᠎ᠠ ᠶᠢᠨ ᠶᠡᠭᠡ ᠬᠤᠷᠠᠯ ᠠᠴᠠ ᠨᠠᠮᠠᠶᠢ ᠰᠣᠩᠭᠤᠵᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠦᠷᠭᠦᠯᠵᠢᠯᠡᠨ ᠡᠭᠦᠷᠭᠡᠯᠡᠭᠦᠯᠦᠭᠰᠡᠨ ᠪᠠᠶᠢᠨ᠎ᠠ᠂ ᠪᠢ ᠲᠥᠯᠥᠭᠡᠯᠡᠭᠴᠢᠳ ᠪᠣᠯᠣᠨ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ︕ᠡᠨᠡ ᠪᠣᠯ ᠮᠢᠨᠤ ᠤᠯᠤᠰ ᠤᠨ ᠲᠡᠷᠢᠭᠦᠯᠡᠭᠴᠢ ᠶᠢᠨ ᠡᠷᠬᠢᠮ ᠳᠡᠭᠡᠳᠦ ᠲᠤᠰᠢᠶᠠᠯ ᠢ ᠭᠤᠷᠪᠠᠳᠠᠭᠢ ᠤᠳᠠᠭ᠎ᠠ ᠡᠭᠦᠷᠭᠡᠯᠡᠵᠦ ᠪᠠᠶᠢᠭ᠎ᠠ ᠶᠠᠪᠤᠳᠠᠯ ᠪᠣᠯᠣᠨ᠎ᠠ᠃ ᠠᠷᠠᠳ ᠲᠦᠮᠡᠨ ᠤ ᠢᠲᠡᠭᠡᠯ ᠪᠣᠯ ᠮᠢᠨᠤ ᠤᠷᠤᠭᠰᠢᠯᠠᠯᠲᠠ ᠶᠢᠨ ᠬᠠᠮᠤᠭ ᠤᠨ ᠶᠡᠭᠡ ᠬᠦᠳᠡᠯᠭᠡᠬᠦ ᠬᠦᠴᠦᠨ ᠮᠥᠨ᠂ ᠪᠠᠰᠠ ᠴᠤ ᠮᠢᠨᠤ ᠮᠥᠷᠥᠨ ᠳᠡᠭᠡᠷ᠎ᠡ ᠲᠠᠯᠪᠢᠭᠳᠠᠭᠰᠠᠨ ᠬᠦᠨᠳᠦ ᠬᠠᠷᠢᠭᠤᠴᠠᠯᠭ᠎ᠠ ᠪᠣᠯᠣᠨ᠎ᠠ᠃ ᠪᠢ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠤᠯᠤᠰ ᠣᠷᠣᠨ ᠤ ᠬᠡᠷᠡᠭᠴᠡᠭᠡ ᠪᠠᠷ ᠡᠭᠦᠷᠭᠡ ᠬᠠᠷᠢᠭᠤᠴᠠᠯᠭ᠎ᠠ ᠪᠠᠨ ᠪᠤᠯᠭᠠᠵᠥ᠂ ᠠᠷᠠᠳ ᠲᠦᠮᠡᠨ ᠤ ᠠᠰᠢᠭ ᠲᠤᠰᠠ ᠪᠠᠷ ᠪᠠᠷᠢᠮᠵᠢᠶ᠎ᠠ ᠪᠠᠨ ᠪᠤᠯᠭᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠴᠢᠩ ᠦᠨᠡᠨᠴᠢ ᠪᠠᠷ ᠵᠢᠳᠬᠦᠵᠦ᠂ ᠲᠥᠯᠥᠭᠡᠯᠡᠭᠴᠢᠳ ᠪᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ᠲᠥᠯᠥᠭᠡᠯᠡᠭᠴᠢᠳ ᠠ᠋︕ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠲᠡᠦᠬᠡ ᠲᠠᠢ ᠳᠤᠮᠳᠠᠳᠤ ᠶᠢᠨ ᠦᠨᠳᠦᠰᠦᠲᠡᠨ ᠲᠡᠦᠬᠡᠨ ᠳᠡᠭᠡᠷ᠎ᠡ ᠲᠤᠭ᠎ᠠ ᠲᠣᠮᠰᠢ ᠦᠭᠡᠢ ᠭᠡᠷᠡᠯ ᠰᠠᠴᠤᠷᠠᠩᠭᠤᠢ ᠦᠢᠯᠡᠰ ᠢ ᠪᠦᠲᠦᠭᠡᠭᠰᠡᠨ ᠪᠥᠭᠡᠳ ᠪᠠᠰᠠ ᠮᠠᠰᠢ ᠤᠯᠠᠨ ᠬᠠᠯᠠ ᠵᠣᠪᠠᠯᠠᠩ ᠢ ᠥᠩᠭᠡᠷᠡᠭᠦᠯᠦᠭᠰᠡᠨ ᠶᠤᠮ᠃ ᠣᠶᠢᠷ᠎ᠠ ᠦᠶ᠎ᠡ ᠠᠴᠠ ᠨᠠᠭᠠᠰᠢ᠂ ᠳᠤᠮᠳᠠᠳᠤ ᠤᠯᠤᠰ ᠠᠯᠬᠤᠮ ᠠᠯᠬᠤᠮ ᠢᠶᠠᠷ ᠬᠠᠭᠠᠰ ᠺᠣᠯᠣᠨᠢ ᠬᠠᠭᠠᠰ ᠹᠧᠣᠳᠠᠯ ᠤᠨ ᠨᠡᠶᠢᠭᠡᠮ ᠪᠣᠯᠵᠤ᠂ ᠬᠦᠴᠦᠷᠬᠡᠭ ᠤᠯᠤᠰ ᠤᠳ ᠤᠨ ᠳᠠᠷᠤᠯᠠᠯ ᠳᠣᠷᠣᠮᠵᠢᠯᠠᠯ ᠢ ᠬᠠᠰᠢᠷᠠᠲᠠᠯ᠎ᠠ ᠠᠮᠰᠠᠵᠤ᠂ᠵᠦᠭ ᠵᠦᠭ ᠲᠡᠭᠡᠨ ᠬᠠᠭᠠᠴᠠᠨ ᠵᠠᠳᠠᠷᠠᠵᠤ᠂ ᠳᠠᠶᠢᠨ ᠳᠠᠵᠢᠨ ᠣᠯᠠᠨᠲᠠ ᠡᠭᠦᠰᠴᠦ᠂ ᠠᠷᠠᠳ ᠢᠷᠭᠡᠳ ᠠᠶᠤᠯ ᠵᠣᠪᠠᠯᠠᠩ ᠠᠮᠰᠠᠵᠤ ᠪᠠᠶᠢᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ ᠳᠠᠷᠠᠭ᠎ᠠ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠢᠭᠲᠠ ᠪᠦᠯᠬᠦᠮᠳᠡᠭᠦᠯᠦᠨ ᠳᠠᠭᠠᠭᠤᠯᠵᠤ᠂ ᠵᠠᠭᠤᠨ ᠵᠢᠯ ᠤᠨ ᠲᠡᠮᠡᠴᠡᠯ ᠢᠶᠠᠷ ᠳᠠᠮᠵᠢᠨ᠂ ᠦᠨᠳᠦᠰᠦᠲᠡᠨ ᠤ ᠢᠴᠢᠭᠦᠷᠢ ᠶᠢ ᠠᠷᠢᠯᠭᠠᠵᠤ᠂ ᠳᠤᠮᠳᠠᠳᠤ ᠤᠯᠤᠰ ᠤᠨ ᠠᠷᠠᠳ ᠲᠦᠮᠡᠨ ᠥᠪᠡᠷ ᠤᠨ ᠬᠤᠪᠢ ᠵᠠᠶᠠᠭᠠᠨ ᠤ ᠪᠠᠨ ᠡᠵᠡᠨ ᠨᠢ ᠪᠣᠯᠵᠤ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ ᠴᠢᠨᠡᠭᠡᠯᠢᠭᠵᠢᠭᠰᠡᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠬᠤᠷᠢᠭᠯᠠᠭᠳᠠᠰᠢ ᠦᠭᠡᠢ ᠲᠡᠦᠬᠡᠨ ᠠᠬᠢᠴᠠ ᠳᠠᠭᠠᠨ ᠣᠷᠣᠪᠠ᠃ᠤᠳᠤ ᠠᠴᠠ ᠡᠬᠢᠯᠡᠨ ᠲᠤᠰ ᠵᠠᠭᠤᠨ ᠤ ᠳᠤᠮᠳᠠᠴᠢ ᠦᠶ᠎ᠡ ᠪᠤᠯᠲᠠᠯ᠎ᠠ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠣᠯ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠭᠤᠣᠯ ᠡᠭᠦᠷᠭᠡ ᠮᠥᠨ ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠪᠤᠤᠬᠢᠶ᠎ᠠ  ᠨᠢ ᠲᠡᠦᠬᠡᠲᠦ ᠴᠢᠨᠠᠷᠲᠠᠢ ᠪᠠᠷ ᠮᠠᠨ ᠤ ᠡᠨᠡ ᠨᠢᠭᠡ ᠦᠶ᠎ᠡ ᠶᠢᠨ ᠬᠥᠮᠥᠰ ᠤᠨ ᠪᠡᠶ᠎ᠡ ᠳᠡᠭᠡᠷ᠎ᠡ ᠲᠠᠯᠪᠢᠭᠳᠠᠪᠠ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠯᠬᠦᠮᠳᠡᠨ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠢᠨ᠎ᠡ ᠠᠶᠠᠨ ᠳᠠᠭᠠᠨ ᠴᠠᠭ ᠦᠶ᠎ᠡ ᠳᠤ ᠣᠰᠣᠯᠳᠠᠯ ᠦᠭᠡᠢ᠂ ᠲᠡᠦᠬᠡ ᠳᠤ ᠣᠰᠣᠯᠳᠠᠯ ᠦᠭᠡᠢ᠂ ᠠᠷᠠᠳ ᠲᠦᠮᠡᠨ ᠳᠤ ᠣᠰᠣᠯᠳᠠᠯ ᠦᠭᠡᠢ ᠪᠠᠷ ᠠᠮᠵᠢᠯᠲᠠ ᠪᠦᠲᠦᠮᠵᠢ ᠭᠠᠷᠭᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠬᠤ ᠳᠤ ᠮᠠᠨ ᠤ ᠡᠨᠡ ᠦᠶ᠎ᠡ ᠶᠢᠨ ᠬᠥᠮᠥᠰ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ︕ᠲᠥᠯᠥᠭᠡᠯᠡᠭᠴᠢᠳ ᠠ᠋︕ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠭᠦ ᠪᠠᠷ ᠬᠥᠭᠵᠢᠯᠲᠡ ᠵᠢᠨ‌‍ᠬᠥ᠋ᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ‌ᠥᠪᠡᠷ ᠢ ᠪᠠᠨ ᠬᠦᠴᠦᠷᠬᠡᠭᠵᠢᠭᠦᠯᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠭᠦ ᠶᠢ ᠠᠬᠢᠭᠤᠯᠵᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ᠂ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠤᠪᠢᠷᠠᠬᠤ ᠶᠢ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠬᠤ ᠬᠡᠷᠡᠭᠲᠡᠢ᠃ᠪᠢᠳᠡ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠷᠠᠳ ᠲᠦᠮᠡᠨ ᠪᠣᠯ ᠰᠢᠢᠳᠪᠦᠷᠢᠯᠡᠭᠴᠢ ᠴᠢᠨᠠᠷᠲᠠᠢ ᠬᠦᠴᠦᠨ ᠮᠥᠨ᠃ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠠᠷᠠᠳ ᠲᠦᠮᠡᠨ ᠤ ᠬᠦᠰᠡᠯ ᠵᠣᠷᠢᠯᠲᠠ ᠶᠢ ᠪᠡᠶᠡᠯᠡᠭᠦᠯᠵᠦ᠂ ᠠᠷᠠᠳ ᠲᠦᠮᠡᠨ ᠤ ᠡᠷᠬᠡ ᠠᠰᠢᠭ ᠢ ᠪᠠᠲᠤᠯᠠᠵᠤ᠂ ᠪᠦᠭᠦ ᠠᠷᠠᠳ ᠲᠦᠮᠡᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ‍ᠦ᠋ᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ‌ᠤᠯᠠᠨ ᠨᠡᠩ ᠭᠤᠣᠯᠴᠢ ᠪᠠᠷ ᠬᠦᠷᠲᠡᠭᠡᠵᠦ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠲᠠᠰᠤᠷᠠᠯᠳᠠ ᠦᠭᠡᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ ᠬᠡᠷᠡᠭᠲᠡᠢ᠃ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ᠂ ᠤᠯᠤᠰ ᠤᠨ ᠳᠣᠲᠣᠭᠠᠳᠤ‌ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠵᠦ᠂ ᠢᠳᠡᠪᠬᠢ ᠬᠦᠴᠦᠨ ᠵᠦᠢᠯ ᠪᠦᠭᠦᠨ ᠢ ᠭᠦᠢᠴᠡᠳ ᠲᠠᠶᠢᠴᠢᠯᠠᠨ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ᠃ᠪᠢᠳᠠ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠠᠮᠤᠷ ᠲᠦᠪᠰᠢᠨ ᠪᠣᠯ ᠬᠥᠭᠵᠢᠯᠲᠡ ᠶᠢᠨ ᠰᠠᠭᠤᠷᠢ ᠮᠥᠨ᠂ ᠲᠣᠭᠲᠠᠭᠤᠨ ᠪᠠᠶᠢᠬᠤ ᠪᠣᠯ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠵᠤ᠂ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠠᠷᠠᠳ ᠤᠨ ᠴᠡᠷᠢᠭ ᠠᠩᠭᠢ ᠶᠢ ᠤᠯᠤᠰ ᠣᠷᠣᠨ ᠤ ᠡᠷᠬᠡ ᠮᠡᠳᠡᠯ᠂ ᠠᠮᠤᠷ ᠲᠦᠪᠰᠢᠨ᠂ᠬᠥᠭᠵᠢᠯᠲᠡ ᠶᠢᠨ ᠠᠰᠢᠭ ᠲᠤᠰᠠ ᠶᠢ ᠪᠦᠲᠦᠮᠵᠢᠲᠡᠢ ᠬᠠᠮᠠᠭᠠᠯᠠᠬᠤ ᠪᠠᠲᠤ ᠪᠠᠬᠢ ᠤᠷᠳᠤ ᠴᠠᠭᠠᠨ ᠬᠡᠷᠡᠮ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠪᠠ ᠡᠬᠡ ᠣᠷᠣᠨ ᠢᠶᠠᠨ ᠨᠢᠭᠡᠳᠬᠡᠬᠦ ᠶᠡᠭᠡ ᠦᠢᠯᠡᠰ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠠᠴᠠ ᠰᠠᠯᠵᠤ ᠴᠢᠳᠠᠬᠤ ᠦᠭᠡᠢ ᠶᠤᠮ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠰᠢᠶᠠᠩᠭᠠᠩ ᠢ ᠵᠠᠰᠠᠬᠤ︾᠂ ︽ᠣᠣᠮᠧᠨᠴᠤᠳ ᠣᠣᠮᠧᠨ ᠢ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠢ᠂ ᠭᠤᠶᠢᠪᠢᠰᠢ ᠦᠭᠡᠢ ᠲᠤᠭᠤᠰᠢᠯᠠᠭᠤᠯᠵᠤ᠂ ᠬᠠᠤᠯᠢ ᠪᠠᠷ ᠰᠢᠶᠠᠩᠭᠠᠩ ᠣᠣᠮᠧᠨ ᠢ ᠵᠠᠰᠠᠬᠤ ᠶᠢ ᠪᠠᠷᠢᠮᠲᠠᠯᠠᠨ᠂ ᠰᠢᠶᠠᠩᠭᠠᠩ᠂ ᠣᠣᠮᠧᠨ ᠤ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠳᠡᠮᠵᠢᠵᠦ᠂ᠤᠯᠤᠰ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠭᠤᠯᠬᠤ ᠬᠡᠷᠡᠭᠲᠡᠢ᠃ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠣᠯ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠡᠳᠦᠪ ᠳᠣᠲᠣᠷᠠᠬᠢ ᠠᠭᠤᠯᠭ᠎ᠠ ᠮᠥᠨ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ ︾ ᠶᠢ ᠪᠠᠷᠢᠮᠲᠠᠯᠠᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠭᠦᠭᠵᠢᠭᠦ ᠶᠢ ᠢᠳᠡᠪᠬᠢᠲᠡᠢ ᠠᠬᠢᠭᠤᠯᠵᠤ᠂ ᠭᠠᠳᠠᠭᠠᠳᠤ ᠶᠢᠨ ᠬᠦᠴᠦᠨ ᠤ ᠭᠠᠷ ᠲᠦᠷᠦᠭᠦ ᠪᠠ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ ᠡᠬᠡ ᠣᠷᠣᠨ ᠢᠶᠠᠨ ᠨᠢᠭᠡᠳᠬᠡᠬᠦ ᠠᠬᠢᠴᠠ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ᠪᠢᠳᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠳ᠋ᠠᠬᠢᠨ ᠳᠤ ᠠᠰᠢᠭ ᠬᠦᠷᠲᠡᠭᠡᠵᠦ᠂ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠳ᠋ᠠᠬᠢᠨ ᠠᠴᠠ ᠰᠠᠯᠵᠤ ᠴᠢᠳᠠᠬᠤ ᠦᠭᠡᠢ ᠶᠤᠮ᠃ ᠪᠢᠳᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠭᠦ ᠪᠥᠮᠪᠥᠷᠴᠡᠭ ᠤᠨ ᠵᠠᠬ᠎ᠠ ᠳᠡᠯᠭᠡᠭᠦᠷ ᠪᠣᠯᠣᠨ ᠡᠬᠢ ᠪᠠᠶᠠᠯᠢᠭ ᠢ ᠰᠠᠶᠢᠲᠤᠷ ᠠᠰᠢᠭᠯᠠᠨ ᠥᠪᠡᠷ ᠢ ᠪᠠᠨ ᠬᠥᠭᠵᠢᠭᠦᠯᠬᠦ ᠪᠥᠭᠡᠳ ᠳᠡᠯᠡᠬᠡᠢ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠢᠳᠡ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠤᠭ ᠢ ᠥᠨᠳᠥᠷ ᠮᠠᠨᠳᠤᠭᠤᠯᠵᠤ᠂ ᠢᠮᠠᠭᠲᠠ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠵᠢᠩᠬᠢᠨᠢ ᠣᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠨᠠᠩ ᠣᠯᠠᠨ ᠲᠣᠭᠲᠠᠭᠤᠨ ᠴᠢᠨᠠᠷ ᠪᠠ ᠢᠳᠡᠪᠬᠢ ᠬᠦᠴᠦᠨ ᠢ ᠨᠡᠮᠡᠭᠳᠡᠭᠦᠯᠵᠦ᠂ ᠮᠠᠨ ᠤ ᠤᠯᠤᠰ ᠤᠨ ᠬᠥᠭᠵᠢᠯᠲᠡ ᠳᠤ ᠰᠠᠶᠢᠨ ᠰᠠᠶᠢᠬᠠᠨ ᠳᠡᠯᠡᠬᠡᠢ ᠶᠢᠨ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ᠃     ᠲᠥᠯᠥᠭᠡᠯᠡᠭᠴᠢᠳ ᠠ᠋︕ᠤᠯᠤᠰ ᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠢ᠂ ᠨᠠᠮ ᠮᠠᠨᠳᠤᠪᠠᠯ ᠰᠠᠶ᠋ᠢ ᠤᠯᠤᠰ ᠬᠦᠴᠦᠷᠬᠡᠭᠵᠢᠵᠦ ᠴᠢᠳᠠᠨ᠎ᠠ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠲᠣᠮᠣ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠡᠷᠡᠰ ᠪᠠᠲᠤ ᠴᠢᠨᠠᠷ ᠢ ᠴᠠᠭ ᠢᠮᠠᠭᠲᠠ ᠪᠠᠲᠤᠯᠠᠵᠤ᠂ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ᠨᠢᠭᠡ ᠮᠥᠴᠡ ᠴᠤ ᠵᠣᠭᠰᠣᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠢᠯᠵᠠᠷᠠᠯ ᠢ ᠭᠤᠶᠢᠪᠢᠰᠢ ᠦᠭᠡᠢ ᠡᠰᠡᠷᠭᠦᠴᠡᠵᠦ᠂ ᠨᠠᠮ ᠤᠨ ᠪᠦᠯᠬᠦᠮᠳᠡᠯ ᠨᠢᠭᠡᠳᠦᠯ ᠢ ᠢᠮᠠᠭᠲᠠ ᠪᠠᠲᠤᠯᠠᠵᠤ᠂ ᠨᠠᠮ ᠤᠨ ᠡᠭᠦᠷᠢᠳᠡ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃      ᠲᠥᠯᠥᠭᠡᠯᠡᠭᠴᠢᠳ ᠠ᠋︕ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠬᠠᠷᠠᠯᠲᠠ ᠬᠥᠮᠥᠰ ᠢ ᠵᠣᠷᠢᠭᠵᠢᠭᠤᠯᠵᠤ᠂ ᠡᠷᠡᠮᠡᠬᠡᠶᠢᠯᠡᠨ ᠤᠷᠤᠭᠰᠢᠯᠠᠭᠤᠯᠵᠤ ᠪᠠᠶᠢᠨ᠎ᠠ᠃ ᠪᠢᠳᠡ ᠥᠷᠯᠥᠭᠡ ᠦᠳᠡᠰᠢ ᠶᠢ ᠲᠡᠮᠡᠴᠡᠨ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠲᠡᠮᠡᠴᠡᠯ ᠤᠨ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠵᠣᠷᠢᠭᠲᠠᠢ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠲᠠᠰᠤᠷᠠᠯᠲᠠ ᠦᠭᠡᠢ ᠬᠦᠴᠦ ᠨᠡᠮᠡᠷᠢᠯᠡᠨ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ︕ᠲᠠ ᠪᠦᠭᠦᠨ ᠳᠤ ᠪᠠᠶᠠᠷᠯᠠᠯ᠎ᠠ︕︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号