| | | | 13 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ | ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠲᠠᠪᠬᠤᠷᠯᠢᠭ ᠤᠨ ᠠᠯᠲᠠᠨ ᠥᠩᠭᠡᠲᠦ ᠲᠢᠩᠬᠢᠮ ᠳᠤ | ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ ᠭᠠᠳᠠᠭᠠᠳᠤ ᠶᠢᠨ ᠰᠤᠷᠪᠤᠯᠵᠢᠯᠠᠬᠴᠢᠳ ᠤᠨ | ᠳᠤᠷᠠᠳᠤᠭᠰᠠᠨ ᠠᠰᠠᠭᠤᠯᠲᠠ ᠶᠢ ᠬᠠᠷᠢᠭᠤᠯᠪᠠ᠃ ᠰᠤᠷᠪᠤᠯᠵᠢᠯᠠᠬᠴᠢ᠄ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠤ ᠵᠠᠰᠠᠭ ᠶᠠᠪᠤᠭᠤᠯᠬᠤ ᠬᠠᠷᠠᠯᠲᠠ ᠨᠢ ᠶᠠᠭᠤ ᠪᠤᠶ︖ ᠶᠠᠮᠠᠷ ᠶᠠᠮᠠᠷ ᠠᠵᠢᠯ ᠤᠨ ᠭᠤᠣᠯᠳᠠᠯᠭ᠎ᠠ ᠪᠠᠶᠢᠬᠤ ᠪᠤᠶ︖ | ᠠᠵᠢᠯ ᠢᠶᠠᠨ ᠬᠡᠷᠬᠢᠨ ᠥᠷᠨᠢᠭᠦᠯᠬᠦ ᠪᠠᠷ ᠪᠤᠢ︖ ᠯᠢ ᠴᠢᠶᠠᠩ᠄ ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ | ᠨᠠᠮ ᠤᠨ ᠬᠤᠷᠢᠳᠤᠭᠠᠷ ᠶᠡᠭᠡ ᠬᠤᠷᠠᠯ ᠳᠤ ᠮᠠᠨ ᠤ ᠤᠯᠤᠰ ᠤᠨ ᠬᠤᠶᠢᠰᠢᠳᠠ ᠶᠢᠨ ᠲᠠᠪᠤᠨ ᠵᠢᠯ ᠪᠠ ᠨᠡᠩ ᠤᠷᠳᠤ | ᠬᠤᠭᠤᠴᠠᠭᠠᠨ ᠤ ᠬᠥᠭᠵᠢᠯᠲᠡ ᠳᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ᠃ | ᠤᠯᠠᠨ ᠢᠶᠠᠷ ᠢᠶᠠᠨ ᠨᠡᠯᠢᠶᠡᠳ ᠰᠡᠳᠬᠢᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠠᠴᠠ ᠴᠥᠮ ᠲᠣᠳᠣᠷᠬᠠᠢ ᠬᠠᠷᠢᠭᠤᠯᠲᠠ ᠣᠯᠵᠤ ᠴᠢᠳᠠᠬᠤ ᠶᠤᠮ᠃ ᠰᠢᠨ᠎ᠡ ᠨᠢᠭᠡ | ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ᠂ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ ᠢ ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠭᠠᠨ ᠬᠤᠪᠢᠷᠠᠭᠤᠯᠵᠤ᠂ | ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ᠂ ᠯᠠᠪᠳᠠᠭᠤᠨ ᠪᠠᠲᠤᠲᠠᠢ ᠪᠠᠷ ᠠᠤᠭ᠎ᠠ ᠵᠢᠷᠤᠭ ᠲᠥᠰᠥᠪ ᠢ ᠰᠠᠶᠢᠨ | ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠡᠶᠢᠮᠦ | ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ ᠪᠣᠯᠣᠨ᠎ᠠ᠄ ᠨᠢᠭᠡᠳᠦᠭᠡᠷ ᠲᠤ᠂ ᠠᠷᠠᠳ ᠲᠦᠮᠡᠨ ᠢᠶᠠᠷ ᠭᠤᠣᠯ | ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠪᠤᠢ ᠪᠣᠯᠭᠠᠨ᠎ᠠ᠃ ᠦᠨᠡᠨ ᠢ ᠬᠡᠯᠡᠪᠡᠯ᠂ ᠨᠠᠮ ᠪᠠ | ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠣᠯ ᠠᠷᠠᠳ ᠲᠦᠮᠡᠨ ᠳᠤ ᠪᠤᠶᠠᠨ ᠦᠢᠯᠡᠳᠭᠦ ᠶᠠᠪᠤᠳᠠᠯ ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ | ᠪᠢᠳᠡᠨ ᠤ ᠲᠡᠮᠡᠴᠡᠬᠦ ᠬᠠᠷᠠᠯᠲᠠ ᠮᠥᠨ︾ ᠭᠡᠵᠦ ᠬᠡᠯᠡᠵᠦ ᠥᠩᠭᠡᠷᠡᠪᠡ᠃ ᠪᠢᠳᠡ ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ | ᠣᠷᠳᠣᠨ ᠤ ᠡᠮᠦᠨᠡᠬᠢ ︽ᠠᠷᠠᠳ ᠲᠦᠮᠡᠨ︾ ᠭᠡᠳᠡᠭ ᠦᠭᠡ ᠶᠢ ᠢᠮᠠᠭᠲᠠ ᠪᠠᠲᠤ ᠴᠡᠭᠡᠵᠢᠯᠡᠵᠦ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠤᠰᠤᠳᠴᠢ ᠪᠠᠷ ᠶᠠᠷᠢᠪᠠᠯ᠂ ᠵᠣᠩᠬᠢᠯᠠᠬᠤ ᠤᠯᠠᠨ | ᠲᠣᠭᠠᠨ ᠤ ᠬᠦᠮᠦᠰ GDP ᠶᠢᠨ ᠬᠡᠳᠦᠢ ᠨᠡᠮᠡᠭᠳᠡᠭᠰᠡᠨ ᠢ ᠡᠳᠦᠷᠵᠢᠨ ᠠᠩᠬᠠᠷᠴᠤ ᠦᠵᠡᠬᠦ ᠦᠭᠡᠢ ᠶᠤᠮ᠂ ᠬᠠᠷᠢᠨ ᠣᠷᠣᠨ | ᠰᠠᠭᠤᠴᠠ᠂ ᠠᠵᠢᠯ ᠣᠯᠭᠤᠯᠲᠠ᠂ ᠣᠷᠣᠯᠭ᠎ᠠ᠂ ᠰᠤᠷᠭᠠᠨ ᠬᠥᠮᠦᠵᠢᠯ᠂ ᠡᠪᠡᠳᠴᠢᠨ ᠦᠵᠡᠭᠦᠯᠭᠦ᠂ ᠠᠮᠢ ᠠᠬᠤᠢ ᠣᠷᠴᠢᠨ | ᠲᠣᠭᠤᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠤᠳ ᠢᠶᠠᠨ ᠨᠡᠩ ᠠᠩᠬᠠᠷᠴᠤ ᠪᠠᠶᠢᠳᠠᠭ᠃ ᠵᠠᠰᠠᠭ ᠤᠨ ᠣᠷᠳᠣᠨ ᠤ ᠠᠵᠢᠯ | ᠪᠣᠯ ᠠᠷᠠᠳ ᠣᠯᠠᠨ ᠤ ᠪᠣᠳᠠᠲᠠᠢ ᠲᠥᠷᠥᠭᠳᠡᠯ ᠲᠠᠢ ᠣᠶᠢᠷᠠᠲᠤᠭᠤᠯᠵᠤ ᠪᠠᠶᠢᠭᠠᠳ ᠲᠥᠯᠥᠪᠯᠡᠨ ᠠᠬᠢᠭᠤᠯᠵᠤ᠂ ᠠᠷᠠᠳ ᠲᠦᠮᠡᠨ | ᠬᠦᠰᠡᠯ ᠡᠷᠡᠮᠡᠯᠵᠡᠯ ᠲᠠᠢ ᠵᠠᠰᠠᠭ ᠤᠨ ᠣᠷᠳᠣᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠶᠠᠪᠤᠳᠠᠯ | ᠪᠣᠯᠣᠨ᠎ᠠ᠃ ᠬᠤᠶᠠᠳᠤᠭᠠᠷ ᠲᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠨᠡ | ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠤ ᠪᠠᠨ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ | ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠵᠠᠢ᠃ ᠮᠠᠨ ᠤ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ᠂ ᠠᠵᠤ | ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠭᠰᠠᠨ ᠪᠤᠯᠪᠠᠴᠤ ᠬᠥᠭᠵᠢᠯᠲᠡ ᠮᠥᠨ | ᠲᠡᠩᠴᠡᠭᠦᠷᠢ ᠦᠭᠡᠢ ᠪᠥᠭᠡᠳ ᠭᠦᠢᠴᠡᠳ ᠪᠤᠰᠤ ᠪᠠᠶᠢᠨ᠎ᠠ᠃ ᠶᠠᠮᠠᠷᠪᠠ ᠨᠢᠭᠡ ᠶᠡᠷᠦᠩᠬᠡᠢ ᠬᠡᠮᠵᠢᠶᠡᠨ ᠤ ᠭᠦᠢᠴᠡᠳᠬᠡᠯ | ᠲᠤᠭ᠎ᠠ ᠶᠢ 14 ᠳ᠋ᠦᠩᠰᠢᠭᠤᠷ ᠭᠠᠷᠤᠢ ᠬᠥᠮᠥᠨ ᠠᠮᠠ ᠶᠢᠨ ᠰᠠᠭᠤᠷᠢ ᠲᠤᠭ᠎ᠠ ᠳᠡᠭᠡᠷ᠎ᠡ ᠨᠣᠭᠳᠠᠭᠤᠯᠪᠠᠯ᠂ ᠬᠥᠮᠥᠨ | ᠳᠤᠮᠳᠠᠴᠢ ᠶᠢᠨ ᠬᠢᠷᠢ ᠲᠥᠪᠰᠢᠨ ᠨᠢ ᠴᠥᠮ ᠨᠡᠯᠢᠶᠡᠳ ᠬᠢᠵᠠᠭᠠᠷ ᠲᠠᠢ ᠪᠠᠶᠢᠳᠠᠭ᠃ ᠤᠳᠤ ᠮᠠᠨ ᠤ ᠬᠥᠭᠵᠢᠯᠲᠡ ᠳᠤ | ᠣᠯᠠᠩᠬᠢ ᠳᠤ ᠪᠠᠨ ᠵᠥᠪᠭᠡᠨ ︽ᠪᠠᠶᠢᠬᠤ ᠡᠰᠡᠬᠦ︾ ᠠᠰᠠᠭᠤᠳᠠᠯ ᠢ ᠯᠠ ᠰᠢᠢᠳᠪᠦᠷᠢᠯᠡᠵᠦ ᠪᠠᠶᠢᠨ᠎ᠠ᠂ ᠲᠠᠷᠠᠭᠠᠴᠢ ᠶᠢᠨ | ᠠᠯᠬᠤᠮ ᠳᠤ ︽ᠰᠠᠶᠢᠨ ᠡᠰᠡᠬᠦ︾ ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ ᠴᠢᠬᠤᠯᠠᠲᠠᠢ᠂ ᠢᠯᠠᠩᠭᠤᠶ᠎ᠠ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠨ ᠳᠡᠭᠡᠭᠰᠢᠯᠡᠭᠦᠯᠭᠦ᠂ ᠣᠳᠣᠬᠢᠴᠢᠯᠠᠭᠰᠠᠨ | ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠣᠨ᠎ᠠ᠃ ᠶᠡᠷᠦᠩᠬᠡᠢ ᠳᠤ ᠨᠢ ᠠᠪᠴᠤ ᠬᠡᠯᠡᠪᠡᠯ᠂ ᠪᠢᠳᠡ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠤᠨ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠬᠤ ᠬᠡᠷᠡᠭᠲᠡᠢ᠃ ᠭᠤᠷᠪᠠᠳᠤᠭᠠᠷ ᠲᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ | ᠭᠦᠨᠵᠡᠭᠡᠶᠢᠷᠡᠭᠦᠯᠦᠨ᠎ᠡ᠃ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ | ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ ᠪᠠᠰᠠ ᠴᠤ ︽ | ᠥᠭᠡᠷᠡᠴᠢᠯᠡᠯᠲᠡ ᠶᠢᠨ ᠬᠤᠭᠤᠯᠠ ᠶᠢ ᠢᠳᠡᠵᠦ᠂ ᠨᠡᠭᠡᠭᠡᠯᠲᠡ ᠶᠢᠨ ᠵᠠᠮ ᠢᠶᠠᠷ ᠵᠠᠮᠨᠠᠬᠤ︾ ᠬᠡᠷᠡᠭᠲᠡᠢ᠃ ᠨᠡᠶᠢᠭᠡᠮ ᠵᠢᠷᠤᠮ ᠤᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠬᠥᠭᠵᠢᠯᠲᠡ ᠶᠢᠨ | ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | | | | | | |