ᠤᠩᠨᠢᠭᠤᠳ ᠬᠤᠰᠢᠭᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢᠲᠡᠶ ᠨᠥᠬᠦᠷᠰᠡᠭ ᠳᠣᠲᠣᠨᠣ ᠣᠩᠨᠢᠭᠤᠳ ᠬᠤᠰᠢᠭᠤᠨ ᠤ ᠳᠦᠷᠢ ᠲᠥᠷᠬᠦ ᠶᠢ ᠪᠣᠶ ᠪᠣᠯᠭᠠᠪᠠ
ᠨᠡᠶᠢᠲᠡᠯᠡᠭᠰᠡᠨ ᠴᠠᠭ᠄
2023/3/17
     ᠤᠩᠨᠢᠭᠤᠳ ᠬᠤᠰᠢᠭᠤ ᠥᠩᠭᠡᠷᠡᠭᠰᠡᠨ ᠵᠢᠯ ᠳᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ᠶᠢ 229 ᠵᠦᠢᠯ ᠨᠠᠶᠢᠷᠠᠭᠤᠯᠤᠨ ᠵᠣᠬᠢᠶᠠᠵᠤ᠂ 《 ᠨᠢᠭᠡ ᠬᠡᠷᠡᠭ ᠢ ᠨᠢᠭᠡ ᠯᠡ ᠤᠳᠠᠭ᠎ᠠ  ᠳᠤ ᠰᠢᠢᠳᠪᠦᠷᠢᠯᠡᠬᠦ 》  ᠲᠥᠪᠯᠡᠷᠡᠮᠡᠯ ᠦᠢᠯᠡᠴᠢᠯᠡᠭᠡ ᠶᠢ 19 ᠵᠦᠢᠯ ᠨᠠᠶᠢᠳᠠᠪᠤᠷᠢᠵᠢᠭᠤᠯᠤᠨ᠂ 《 ᠳᠤᠲᠠᠭᠳᠠᠯ  ᠢ ᠠᠭᠤᠴᠢᠯᠠᠨ ᠰᠢᠢᠳᠪᠦᠷᠢᠯᠡᠬᠦ 》 ᠵᠦᠢᠯᠡᠰ ᠢ 124 ᠵᠦᠢᠯ᠂《 ᠠᠮᠠᠯᠠᠯᠲᠠ ᠶᠢ ᠮᠡᠳᠡᠭᠳᠡᠬᠦ 》 ᠵᠦᠢᠯᠡᠰ 114 ᠵᠦᠢᠯ ᠢ ᠲᠣᠭᠲᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠠᠷᠤᠢ ᠳᠤᠨᠢ ᠭᠦᠢᠴᠡᠳᠬᠡᠬᠦ ᠨᠣᠷᠮ᠎ᠠ ᠪᠠ ᠪᠦᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ᠨᠣᠷᠮ᠎ᠠ ᠶᠢ ᠲᠣᠰ ᠲᠣᠰ 78 . 1 % ᠪᠠ 90 . 6 % ᠳᠤ ᠬᠦᠷᠭᠡᠪᠡ  ᠃ 《 ᠰᠠᠶᠢᠨ ᠮᠠᠭᠤ ᠦᠨᠡᠯᠡᠯᠲᠡ 》 ᠶᠢᠨ ᠲᠦᠷᠢᠮ ᠢ ᠪᠥᠬᠦ ᠲᠠᠯ᠎ᠠ ᠪᠠᠷ ᠬᠡᠷᠡᠭᠯᠡᠵᠦ 《 12345 》 ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠭᠥᠯᠢᠶᠡᠨ ᠠᠪᠤᠪᠠᠯ ᠳᠠᠷᠤᠶ ᠳᠤᠨᠢ ᠭᠦᠶᠴᠡᠳᠬᠡᠬᠦ ᠶᠢ ᠪᠡᠶᠡᠯᠡᠭᠦᠯᠪᠡ  ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠳᠠᠬᠢᠨ ᠰᠢᠨ᠎ᠡ ᠪᠠᠷ ᠡᠮᠬᠢᠯᠡᠨ ᠲᠣᠭᠲᠠᠭᠠᠵᠤ᠂ 2022 ᠣᠨ  ᠤ ᠨᠤᠲᠤᠭ ᠨᠢᠭᠡᠲᠡᠳ ᠤᠨ ᠨᠥᠬᠦᠷᠯᠡᠯ  ᠤᠨ ᠴᠤᠭᠯᠠᠭᠠᠨ ᠢ ᠡᠷᠬᠢᠯᠡᠨ᠂ ᠠᠷᠠᠯᠵᠢᠶᠠᠴᠢᠨ ᠤᠷᠢᠬᠤ 91 ᠲᠥᠷᠥᠯ ᠵᠦᠶᠯ ᠳᠤ  ᠭᠡᠷ᠎ᠡ ᠲᠤᠭᠲᠠᠵᠤ᠂ ᠵᠥᠪᠯᠡᠯᠴᠡᠭᠡᠷ ᠲᠤ ᠨᠡᠶᠢᠲᠡ 432 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ  ᠃ ᠤᠯᠤᠰ ᠤᠨ ᠥᠮᠴᠢᠯᠡᠯ  ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ 4 ᠪᠣᠳᠠᠲᠤ ᠴᠣᠭᠴᠠᠲᠤ ᠡᠵᠡᠩᠨᠡᠯᠲᠡ ᠶᠢᠨ ᠤᠯᠤᠰ ᠤᠨ ᠥᠮᠴᠢᠯᠡᠯ ᠤᠨ ᠺᠣᠮᠫᠠᠨᠢ ᠶᠢ ᠪᠠᠶᠢᠭᠤᠯᠪᠠ  ᠃ 《 ᠲᠠᠪᠤ ᠶᠢ ᠳᠤᠶᠢᠯᠪᠤᠷᠢᠲᠠᠢ ᠪᠠᠶᠢᠴᠠᠭᠠᠬᠤ 》 ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 4366 ᠲᠦᠮᠡᠨ ᠲᠥᠭᠦᠷᠢᠭ ᠤᠨ ᠦᠯᠡᠳᠡᠭᠡᠯ ᠪᠠᠯᠠ ᠮᠥᠩᠭᠦ ᠶᠢ ᠴᠢᠯᠦᠭᠡᠯᠡᠵᠦ᠂ ᠵᠥᠪᠰᠢᠶᠡᠷᠡᠭᠡᠳᠦᠶ 22 ᠲᠥᠷᠥᠯ ᠵᠦᠶᠯ ᠢ ᠭᠦᠶᠴᠡᠳᠬᠡᠵᠦ ᠳᠠᠭᠤᠰᠬᠠᠨ᠂ ᠵᠥᠪᠰᠢᠶᠡᠷᠡᠭᠦᠯᠦᠭᠰᠡᠨ ᠪᠣᠯᠪᠠᠴᠤ ᠬᠠᠩᠭᠠᠭᠠᠳᠤᠶ 225 ᠮᠥ ᠭᠠᠵᠠᠷ ᠰᠢᠷᠣᠶ ᠶᠢ ᠰᠢᠢᠳᠪᠦᠷᠢᠯᠡᠵᠦ᠂ 634 ᠮᠥ ᠰᠤᠯᠠ ᠪᠠᠶᠢᠭ᠎ᠠ ᠭᠠᠵᠠᠷ ᠰᠢᠷᠣᠶ ᠶᠢ ᠰᠢᠶᠳᠪᠦᠷᠢᠯᠡᠪᠡ  ᠃ 《 ᠨᠢᠭᠡ ᠭᠠᠵᠠᠷ ᠲᠤ ᠬᠤᠶᠠᠷ ᠦᠨᠡᠮᠯᠡᠯ ᠲᠠᠢ ᠪᠠᠶᠢᠬᠤ 》᠂ 《 ᠨᠢᠭᠡ ᠭᠠᠵᠠᠷ ᠲᠤ ᠣᠯᠠᠨ ᠦᠨᠡᠮᠯᠡᠯ ᠲᠠᠢ ᠪᠠᠶᠢᠬᠤ 》 ᠲᠡᠦᠬᠡ ᠶᠢᠨ ᠦᠯᠡᠳᠡᠭᠳᠡᠯ ᠠᠰᠠᠭᠤᠳᠠᠯ ᠤᠨ ᠲᠤᠷᠰᠢᠯᠲᠠ ᠶᠢᠨ ᠠᠵᠢᠯ ᠢ ᠬᠤᠭᠤᠴᠠᠭ᠎ᠠ ᠶᠣᠰᠣᠭᠠᠷ ᠰᠢᠢᠳᠪᠦᠷᠢᠯᠡᠪᠡ᠃ 《 ᠭᠤᠷᠪᠠ  ᠶᠢ ᠨᠢᠭᠡ ᠴᠣᠭᠴᠠᠵᠢᠭᠤᠯᠬᠤ 》 ᠶᠡᠷᠦᠩᠬᠡᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠵᠡᠷᠭᠡ ᠥᠭᠡᠷᠡᠴᠢᠯᠡᠯᠲᠡ ᠶᠢ ᠲᠦᠷᠭᠡᠨ ᠠᠬᠢᠭᠤᠯᠵᠤ᠂ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠦᠪᠡᠷᠲᠡᠭᠡᠨ ᠵᠠᠰᠠᠬᠤ ᠤᠷᠤᠨ ᠤ ᠡᠮᠦᠨ᠎ᠡ ᠡᠩᠨᠡᠭᠡᠨ  ᠳᠤ ᠣᠷᠣᠪᠠ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号