ᠤᠩᠨᠢᠭᠤᠳ ᠬᠤᠰᠢᠭᠤ ᠡᠨᠡ ᠵᠢᠯ ᠰᠢᠨᠬᠤᠸᠠ ᠵᠡᠭᠡᠯᠢ ᠶᠢᠨ ᠵᠡᠭᠦᠨ ᠬᠡᠰᠡᠭ ᠵᠢᠴᠢ ᠪᠠᠷᠠᠭᠤᠨ ᠬᠡᠰᠡᠭ᠂ | ᠴᠢᠤᠸᠠᠨ ᠨᠢᠩ ᠵᠠᠮ ᠤᠨ ᠡᠮᠦᠨ᠎ᠡ ᠬᠡᠰᠡᠭ᠂ ᠰᠢᠶᠠᠩ ᠶᠠᠩ ᠵᠡᠭᠡᠯᠢ ᠶᠢᠨ ᠳᠤᠮᠳᠠ ᠬᠡᠰᠡᠭ ᠢ ᠥᠭᠡᠷᠡᠴᠢᠯᠡᠬᠦ ᠵᠡᠷᠭᠡ | ᠲᠦᠷᠦᠯ ᠵᠦᠢᠯ ᠢ ᠲᠥᠰᠦᠪᠯᠡᠨ ᠬᠡᠷᠡᠭᠵᠢᠭᠦᠯᠵᠦ᠂ ᠰᠢᠷᠠᠮᠥ᠋ᠷᠡᠨ ᠵᠡᠭᠡᠯᠢ᠂ ᠰᠢᠶᠠᠩ ᠶᠠᠩ ᠵᠡᠭᠡᠯᠢ ᠶᠢᠨ ᠵᠡᠭᠦᠨᠰᠢ | ᠨᠡᠪᠲᠡᠷᠡᠬᠦ᠂ ᠯᠢᠦ ᠯᠢᠨ ᠵᠠᠮ᠂ ᠡᠾᠦ᠋ᠢ ᠮᠢᠨ ᠵᠠᠮ ᠤᠨ ᠤᠮᠠᠷᠠᠰᠢ ᠨᠡᠪᠲᠡᠷᠡᠬᠦ ᠢᠨᠵᠧᠨᠧᠷᠢᠩ ᠢ ᠪᠠᠶᠢᠭᠤᠯᠤᠨ | ᠳᠠᠭᠤᠰᠬᠠᠵᠤ ᠲᠡᠷᠭᠡ ᠨᠡᠪᠲᠡᠷᠡᠭᠦᠯᠬᠦ ᠶᠢ ᠠᠬᠢᠭᠤᠯᠬᠤ ᠪᠠᠷ ᠪᠤᠢ ᠃ ᠬᠤᠲᠠ ᠶᠢᠨ ᠲᠣᠭᠤᠷᠢᠭ ᠤᠨ ᠤᠰᠤ ᠬᠠᠩᠭᠠᠬᠤ | ᠦᠢᠯᠡᠳᠪᠦᠷᠢ ᠶᠢ ᠨᠡᠭᠦᠯᠭᠡᠨ ᠪᠠᠶᠢᠭᠤᠯᠬᠤ ᠶᠢ ᠡᠬᠢᠯᠡᠨ ᠬᠡᠷᠡᠭᠵᠢᠭᠦᠯᠵᠦ᠂ ᠲᠡᠮᠦᠷ ᠵᠠᠮ ᠤᠨ ᠠᠶᠠᠨᠴᠢᠳ ᠲᠡᠭᠡᠭᠡᠪᠦᠷᠢ | ᠶᠢᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠵᠡᠷᠭᠡ ᠲᠥᠷᠦᠯ ᠵᠦᠢᠯ ᠢ ᠡᠬᠢᠯᠡᠨ ᠬᠡᠷᠡᠭᠵᠢᠭᠦᠯᠵᠦ᠂ 1994 | ᠬᠠᠭᠤᠴᠢᠨ ᠰᠠᠭᠤᠭᠠᠯᠢ ᠲᠣᠭᠤᠷᠢᠭ ᠤᠨ 18 . 5 ᠲᠦᠮᠡᠨ ᠲᠡᠭᠰᠢ ᠳᠥᠷᠪᠡᠯᠵᠢᠨ ᠮᠧᠲᠷ ᠢ ᠦᠭᠡᠷᠡᠴᠢᠯᠡᠨ ᠵᠠᠰᠠᠵᠤ᠂ | ᠭᠠᠵᠠᠷ ᠳᠣᠣᠷᠠᠬᠢ ᠡᠯ᠎ᠡ ᠲᠥᠷᠥᠯ ᠤᠨ ᠬᠤᠭᠤᠯᠠᠢ ᠶᠢᠨ ᠲᠣᠣᠷ ᠢ 2 ᠲᠦᠮᠡᠨ ᠮᠧᠲᠷ ᠰᠢᠨ᠎ᠡ ᠪᠠᠷ ᠨᠡᠮᠡᠭᠳᠡᠭᠦᠯᠵᠦ᠂ | 9 ᠲᠦᠮᠡᠨ ᠲᠡᠭᠰᠢ ᠳᠥᠷᠪᠡᠯᠵᠢᠨ ᠮᠧᠲᠷ ᠭᠡᠷ ᠬᠥᠷᠥᠩᠭᠡ ᠶᠢᠨ ᠨᠡᠭᠡᠭᠡᠨ ᠠᠰᠢᠭᠯᠠᠯᠲᠠ ᠶᠢ ᠬᠢᠨ᠎ᠡ ᠃ ᠬᠤᠲᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠭᠤᠷᠪᠠᠨ ᠵᠢᠯ | ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠭᠦᠯᠦᠨ᠎ᠡ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠵᠠᠮ | ᠬᠠᠷᠢᠯᠴᠠᠭ᠎ᠠ ᠲᠦᠭᠵᠢᠷᠡᠬᠦ᠂ ᠱᠤᠤᠭᠢᠶᠠᠨ ᠢᠶᠠᠷ ᠠᠷᠠᠳ ᠢ ᠦᠢᠮᠡᠭᠦᠯᠬᠦ᠂ ᠠᠰᠠᠷ ᠳᠡᠭᠡᠷ᠎ᠡ ᠠᠴᠠ ᠤᠳᠠᠰᠤ ᠪᠠᠭᠤᠯᠭᠠᠨ | ᠴᠠᠬᠢᠯᠭᠠᠨ ᠴᠡᠨᠡᠭᠯᠡᠬᠦ ᠵᠡᠷᠭᠡ ᠬᠤᠲᠠ ᠶᠢᠨ ᠠᠷᠬᠠᠭ ᠬᠡᠮ ᠢ ᠬᠦᠴᠦᠲᠡᠶ ᠴᠡᠭᠴᠡᠯᠡᠨ ᠵᠠᠰᠠᠵᠤ᠂ ᠴᠢᠬᠤᠯᠠ ᠲᠠᠯᠠᠪᠤᠷ | ᠭᠠᠵᠠᠷ ᠲᠤ ᠲᠡᠷᠭᠡ ᠵᠣᠭᠰᠣᠬᠤ ᠪᠠ ᠵᠠᠰᠠᠮᠠᠯ ᠵᠠᠮ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ 3 | ᠵᠤᠷᠪᠤᠰ ᠵᠡᠭᠡᠯᠢ ᠭᠤᠳᠤᠮᠵᠢ ᠶᠢ ᠵᠠᠰᠠᠵᠤ᠂ ᠤᠶᠤᠨᠲᠤ ᠬᠤᠲᠠ ᠶᠢᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ | ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠰᠢᠭᠤ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ ᠃ | |