| ᠤᠩᠨᠢᠭᠤᠳ ᠬᠤᠰᠢᠭᠤ 2022 ᠤᠨ ᠳᠤ《 ᠠᠷᠪᠠᠨ ᠳᠥᠷᠪᠡᠳᠦᠭᠡᠷ ᠲᠠᠪᠤᠨ ᠵᠢᠯ 》 ᠤᠨ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠲᠠᠭᠤᠰᠬᠠᠨ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠣᠯᠠᠨ ᠲᠦᠮᠡᠨ ᠤ | ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ᠂ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ᠂ ᠣᠶ | ᠰᠢᠭᠤᠶ ᠡᠪᠡᠰᠦ ᠪᠡᠯᠴᠢᠭᠡᠷ ᠤᠨ ᠲᠤᠰᠬᠠᠶ ᠴᠡᠭᠴᠡᠯᠡᠨ ᠵᠠᠰᠠᠬᠤ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ | ᠳ᠋ᠤᠭᠠᠷ ᠢ ᠨᠢ ᠬᠠᠰᠤᠪᠠ ᠃ ᠴᠢᠶᠤᠤ ᠲᠸᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠦᠨᠳᠦᠰᠦᠨ | ᠳᠡᠭᠡᠨ ᠪᠠᠶᠢᠭᠤᠯᠵᠤ ᠳᠠᠭᠤᠰᠬᠠᠨ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠽᠢ | ᠴᠧᠩ ᠤᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ ᠶᠢ ᠡᠬᠢᠯᠡᠨ ᠪᠠᠶᠢᠭᠤᠯᠵᠤ᠂ 6 ᠰᠢᠶᠠᠩ | ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠵᠢᠷᠤᠮᠵᠢᠭᠤᠯᠤᠨ ᠠᠵᠢᠯᠯᠠᠭᠤᠯᠪᠠ ᠃ ᠲᠡᠦᠬᠡᠨ | ᠦᠯᠡᠳᠡᠭᠳᠡᠯ ᠪᠠ ᠬᠠᠷᠢᠭᠤᠴᠠᠯᠭ᠎ᠠ ᠥᠬᠡᠶ 45 ᠭᠤᠤᠯ ᠴᠣᠭᠴᠠᠲᠤ ᠠᠭᠤᠷᠬᠠᠶ ᠶᠢ ᠵᠠᠰᠠᠵᠤ᠂ 1 ᠰᠠᠭᠤᠷᠢ ᠪᠣᠬᠢᠷᠲᠤᠯ | ᠥᠬᠡᠶ ᠠᠭᠤᠷᠬᠠᠶ ᠶᠢ ᠪᠠᠶᠢᠭᠤᠯᠪᠠ ᠃ 《 ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠣᠶ ᠰᠢᠭᠤᠶ | ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ 》 ᠶᠢᠨ ᠬᠠᠮᠵᠢᠯᠴᠠᠬᠤ ᠲᠣᠭᠲᠠᠴᠠ | ᠲᠠᠰᠤᠷᠠᠯᠲᠠ ᠥᠬᠡᠶ ᠭᠦᠨᠵᠡᠭᠡᠶᠢᠷᠡᠵᠦ᠂19 ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠵᠤ | ᠳᠠᠭᠤᠰᠬᠠᠪᠠ ᠃ 5 . 8 ᠲᠦᠮᠡᠨ ᠮᠦ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ ᠪᠤᠷᠤᠬᠤᠲᠠ ᠠᠴᠠ | ᠪᠠᠶᠠᠨᠲᠤᠬᠤᠢ ᠬᠦᠷᠬᠦ ᠵᠠᠮ ᠤᠨ ᠡᠯᠡᠰᠦ ᠶᠢ ᠵᠠᠰᠠᠬᠤ ᠠᠵᠢᠯ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠳᠡᠭᠡᠳᠦ ᠬᠡᠮᠵᠢᠶᠡᠨ ᠤ ᠨᠣᠲᠠᠯᠠᠯᠲᠠ ᠶᠢ ᠣᠯᠪᠠ ᠃ ᠲᠠᠴᠢᠷᠳᠠᠭᠰᠠᠨ ᠣᠶ ᠰᠢᠭᠤᠶ ᠶᠢ 2 . 2 ᠲᠦᠮᠡᠨ | ᠮᠥ ᠥᠭᠡᠷᠡᠴᠢᠯᠡᠨ ᠵᠠᠰᠠᠵᠤ᠂ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠂ ᠪᠥᠬᠦ ᠬᠤᠲᠠ ᠶᠢᠨ ᠠᠯᠪᠠᠨ ᠵᠢᠷᠤᠮ | ᠤᠨ ᠮᠣᠳᠣ ᠳᠠᠷᠢᠬᠤ ᠠᠵᠢᠯᠯᠠᠭ᠎ᠠ᠂ ᠪᠥᠬᠦ ᠬᠤᠲᠠ ᠶᠢᠨ ᠬᠠᠪᠤᠷ ᠤᠨ ᠤᠯᠠᠷᠢᠯ ᠤᠨ ᠣᠶᠢᠵᠢᠭᠤᠯᠤᠯᠲᠠ ᠵᠢᠴᠢ | ᠲᠠᠴᠢᠷᠳᠠᠭᠰᠠᠨ ᠣᠶ ᠰᠢᠭᠤᠶ ᠶᠢ ᠥᠭᠡᠷᠡᠴᠢᠯᠡᠨ ᠵᠠᠰᠠᠬᠤ ᠲᠤᠬᠠᠶ ᠶᠢᠨ ᠲᠠᠯᠠᠪᠠᠶ ᠶᠢᠨ ᠪᠣᠯᠪᠠᠰᠤᠷᠠᠯ ᠤᠨ ᠠᠩᠭᠢ ᠶᠢ | ᠠᠮᠵᠢᠯᠲᠠ ᠲᠠᠢ ᠡᠷᠬᠢᠯᠡᠪᠡ᠃ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠰᠢᠶᠠᠨ ᠤ | ᠬᠡᠪᠴᠢᠶᠡᠨ ᠤ ᠬᠢᠨᠠᠨ ᠰᠢᠯᠭᠠᠯᠲᠠ ᠪᠦᠬᠦ ᠣᠷᠣᠨ ᠤ ᠨᠢᠭᠡᠳᠦᠭᠡᠷ ᠲᠤ ᠣᠷᠣᠵᠤ᠂ ᠪᠦᠬᠦ ᠤᠯᠤᠰ ᠤᠨ ᠪᠠᠶᠢᠭᠠᠯᠢ ᠶᠢᠨ | ᠡᠬᠢ ᠪᠠᠶᠠᠯᠢᠭ ᠢ ᠠᠷᠪᠢᠯᠠᠨ ᠭᠠᠮᠨᠠᠭᠰᠠᠨ ᠡᠷᠴᠢᠮᠵᠢᠭᠦᠯᠦᠭᠰᠡᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ ᠃ |